ᠮᠠᠨ ᠤ ᠣᠷᠣᠨ ᠤ 4 ᠰᠤᠷᠭᠠᠭᠤᠯᠢ ︽ᠳᠤᠮᠳᠠᠳᠤ ᠠᠹᠷᠢᠺᠠ ᠶᠢᠨ ᠶᠡᠭᠡ ᠰᠤᠷᠭᠠᠭᠤᠯᠢ ᠶᠢᠨ ᠬᠤᠯᠪᠤᠭ᠎ᠠ︾  ᠶᠢᠨ ᠰᠣᠯᠢᠯᠴᠠᠭᠠᠨ ᠤ ᠲᠣᠭᠲᠠᠴᠠ ᠶᠢᠨ ᠳᠤᠮᠳᠠᠳᠤ ᠶᠢᠨ ᠲᠠᠯ᠎ᠠ ᠶᠢᠨ ᠪᠦᠷᠢᠯᠳᠦᠭᠦᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/5/22
      ᠲᠦᠷᠦᠭᠦᠬᠡᠨ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ︽ᠳᠤᠮᠳᠠᠳᠤ ᠠᠹᠷᠢᠺᠠ ᠶᠢᠨ ᠶᠡᠭᠡ ᠰᠤᠷᠭᠠᠭᠤᠯᠢ ᠶᠢᠨ ᠵᠠᠭᠤᠨ ᠰᠤᠷᠭᠠᠭᠤᠯᠢ ᠶᠢᠨ ᠬᠠᠮᠲᠤᠷᠠᠯᠴᠠᠭᠠᠨ ᠤ ᠲᠥᠯᠥᠪᠯᠡᠭᠡ︾  ᠶᠢᠨ ᠳᠤᠮᠳᠠᠳᠤ ᠶᠢᠨ ᠲᠠᠯ᠎ᠠ ᠶᠢᠨ ᠪᠦᠷᠢᠯᠳᠦᠭᠦᠨ ᠶᠡᠭᠡ ᠳᠡᠭᠡᠳᠦ ᠰᠤᠷᠭᠠᠭᠤᠯᠢ ᠪᠠ ︽ᠳᠤᠮᠳᠠᠳᠤ ᠠᠹᠷᠢᠺᠠ ᠶᠢᠨ ᠶᠡᠭᠡ ᠰᠤᠷᠭᠠᠭᠤᠯᠢ ᠶᠢᠨ ᠬᠤᠯᠪᠤᠭ᠎ᠠ︾ ᠶᠢᠨ ᠰᠣᠯᠢᠯᠴᠠᠭᠠᠨ ᠤ ᠲᠣᠭᠲᠠᠴᠠ ᠶᠢᠨ ᠳᠤᠮᠳᠠᠳᠤ ᠶᠢᠨ ᠲᠠᠯ᠎ᠠ ᠶᠢᠨ ᠪᠦᠷᠢᠯᠳᠦᠭᠦᠨ ᠶᠡᠭᠡ ᠳᠡᠭᠡᠳᠦ ᠰᠤᠷᠭᠠᠭᠤᠯᠢ ᠶᠢᠨ ᠨᠡᠷᠡᠰ ᠢ ᠨᠡᠶᠢᠲᠡᠯᠡᠪᠡ᠃ ᠪᠦᠭᠦ ᠤᠯᠤᠰ ᠤᠨ 50 ᠶᠡᠭᠡ ᠰᠤᠷᠭᠠᠭᠤᠯᠢ ︽ᠳᠤᠮᠳᠠᠳᠤ ᠠᠹᠷᠢᠺᠠ ᠶᠢᠨ ᠶᠡᠭᠡ ᠳᠡᠭᠡᠳᠦ ᠰᠤᠷᠭᠠᠭᠤᠯᠢ ᠶᠢᠨ ᠵᠠᠭᠤᠨ ᠰᠤᠷᠭᠠᠭᠤᠯᠢ ᠶᠢᠨ ᠬᠠᠮᠲᠤᠷᠠᠯᠴᠠᠭᠠᠨ ᠤ ᠲᠥᠯᠥᠪᠯᠡᠭᠡ︾ ᠳᠤ ᠰᠣᠩᠭᠤᠭᠳᠠᠵᠤ᠂ 252 ᠶᠡᠭᠡ ᠰᠤᠷᠭᠠᠭᠤᠯᠢ ︽ᠳᠤᠮᠳᠠᠳᠤ ᠠᠹᠷᠢᠺᠠ ᠶᠢᠨ ᠶᠡᠭᠡ ᠰᠤᠷᠭᠠᠭᠤᠯᠢ ᠶᠢᠨ ᠬᠤᠯᠪᠤᠭ᠎ᠠ︾ ᠶᠢᠨ ᠰᠣᠯᠢᠯᠴᠠᠭᠠᠨ ᠤ ᠲᠣᠭᠲᠠᠴᠠ ᠶᠢᠨ ᠳᠤᠮᠳᠠᠳᠤ ᠶᠢᠨ ᠲᠠᠯ᠎ᠠ ᠶᠢᠨ ᠪᠦᠷᠢᠯᠳᠦᠭᠦᠨ ᠶᠡᠭᠡ ᠰᠤᠷᠭᠠᠭᠤᠯᠢ ᠪᠠᠷ ᠰᠣᠩᠭᠤᠭᠳᠠᠪᠠ᠃      ᠡᠭᠦᠨ ᠳᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠲᠣᠰ ᠲᠣᠰ ︽ᠳᠤᠮᠳᠠᠳᠤ ᠠᠹᠷᠢᠺᠠ ᠶᠢᠨ ᠶᠡᠭᠡ ᠰᠤᠷᠭᠠᠭᠤᠯᠢ ᠶᠢᠨ ᠬᠤᠯᠪᠤᠭ᠎ᠠ︾ ᠶᠢᠨ ᠰᠣᠯᠢᠯᠴᠠᠭᠠᠨ ᠤ ᠲᠣᠭᠲᠠᠴᠠ ᠶᠢᠨ ᠣᠷᠴᠢᠨ ᠲᠣᠭᠤᠷᠢᠨ ᠬᠢᠭᠡᠳ ᠦᠷᠭᠦᠯᠵᠢᠯᠡᠬᠦ ᠬᠥᠭᠵᠢᠯᠲᠡ ᠶᠢᠨ ᠬᠦᠷᠢᠶ᠎ᠡ᠂ ᠠᠭᠤᠷᠬᠠᠢ ᠶᠢᠨ ᠡᠬᠢ ᠪᠠᠶᠠᠯᠢᠭ ᠤᠨ ᠬᠦᠷᠢᠶ᠎ᠡ᠂ ᠲᠠᠷᠢᠶᠠᠯᠠᠩ ᠤᠨ ᠬᠥᠭᠵᠢᠯᠲᠡ ᠶᠢᠨ ᠬᠦᠷᠢᠶ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠳᠤᠮᠳᠠᠳᠤ ᠶᠢᠨ ᠲᠠᠯ᠎ᠠ ᠶᠢᠨ ᠪᠦᠷᠢᠯᠳᠦᠭᠦᠨ ᠶᠡᠭᠡ ᠳᠡᠭᠡᠳᠦ ᠰᠤᠷᠭᠠᠭᠤᠯᠢ ᠳᠤ ᠰᠣᠩᠭᠤᠭᠳᠠᠪᠠ᠃      ︽ᠳᠤᠮᠳᠠᠳᠤ ᠠᠹᠷᠢᠺᠠ ᠶᠢᠨ ᠶᠡᠭᠡ ᠳᠡᠭᠡᠳᠦ ᠰᠤᠷᠭᠠᠭᠤᠯᠢ ᠶᠢᠨ ᠵᠠᠭᠤᠨ ᠰᠤᠷᠭᠠᠭᠤᠯᠢ ᠶᠢᠨ ᠬᠠᠮᠲᠤᠷᠠᠯᠴᠠᠭᠠᠨ ᠤ ᠲᠥᠯᠥᠪᠯᠡᠭᠡ︾ ᠨᠢ ᠳᠤᠮᠳᠠᠳᠤ ᠠᠹᠷᠢᠺᠠ ᠶᠢᠨ ᠶᠡᠭᠡ ᠰᠤᠷᠭᠠᠭᠤᠯᠢ ᠶᠢᠨ ᠬᠤᠭᠤᠷᠣᠨᠳᠣᠭᠢ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠠᠮᠲᠤ ᠪᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃ ᠲᠣᠰ ᠬᠠᠮᠲᠤᠷᠠᠨ ᠠᠵᠢᠯᠯᠠᠬᠤ ᠲᠥᠯᠥᠪᠯᠡᠭᠡ ᠶᠢ ᠰᠤᠷᠭᠠᠨ ᠬᠥᠮᠦᠵᠢᠯ ᠤᠨ ᠶᠠᠮᠤᠨ ᠠᠴᠠ ᠰᠠᠨᠠᠭᠠᠴᠢᠯᠠᠨ ᠵᠣᠬᠢᠶᠠᠨ ᠪᠠᠶᠢᠭᠤᠯᠵᠤ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠪᠣᠳᠠᠲᠠᠢ ᠬᠡᠷᠡᠭᠵᠢᠭᠦᠯᠬᠦ ᠶᠢ ᠬᠠᠷᠢᠭᠤᠴᠠᠵᠤ᠂ ᠠᠹᠷᠢᠺᠠ ᠲᠢᠪ ᠤᠨ ᠶᠡᠭᠡ ᠰᠤᠷᠭᠠᠭᠤᠯᠢ ᠶᠢᠨ ᠨᠡᠶᠢᠭᠡᠮᠯᠢᠭ ᠯᠦᠭᠡ ︽ᠳᠤᠮᠳᠠᠳᠤ ᠠᠹᠷᠢᠺᠠ ᠶᠢᠨ ᠶᠡᠭᠡ ᠰᠤᠷᠭᠠᠭᠤᠯᠢ ᠶᠢᠨ ᠬᠤᠯᠪᠤᠭ᠎ᠠ ᠶᠢᠨ ᠰᠣᠯᠢᠯᠴᠠᠭᠠᠨ ᠤ ᠲᠣᠭᠲᠠᠴᠠ︾ ᠶᠢ ᠬᠠᠮᠲᠤ ᠪᠠᠷ ᠪᠠᠶᠢᠭᠤᠯᠪᠠ᠃ ᠲᠤᠰ ᠲᠣᠭᠲᠠᠴᠠ ᠨᠢ ᠲᠣᠭᠠᠴᠢᠯᠠᠭᠰᠠᠨ ᠰᠤᠷᠭᠠᠨ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠠᠷᠢᠶᠠᠯᠠᠩ ᠤᠨ ᠬᠥᠭᠵᠢᠯᠲᠡ᠂ ᠠᠷᠠᠯᠵᠢᠶᠠᠨ ᠤ ᠪᠡᠯᠡ ᠣᠷᠣᠭᠤᠯᠤᠯᠲᠠ᠂ ᠠᠭᠤᠷᠬᠠᠢ ᠶᠢᠨ ᠡᠬᠢ ᠪᠠᠶᠠᠯᠢᠭ᠂ ᠣᠷᠴᠢᠨ ᠲᠣᠭᠤᠷᠢᠨ ᠬᠢᠭᠡᠳ ᠦᠷᠭᠦᠯᠵᠢᠯᠡᠬᠦ ᠬᠥᠭᠵᠢᠯᠲᠡ᠂  ᠤᠯᠤᠰ ᠤᠨ ᠨᠡᠶᠢᠭᠡᠮ ᠤᠨ ᠵᠠᠰᠠᠯᠲᠠ᠂ ᠵᠠᠭᠤᠴᠢᠯᠠᠭᠤᠷ ᠤᠨ ᠳᠠᠮᠵᠢᠭᠤᠯᠭ᠎ᠠ ᠪᠠ ᠤᠯᠤᠰ ᠤᠨ ᠳᠦᠷᠢ ᠲᠥᠷᠬᠦ ᠵᠡᠷᠭᠡ ᠬᠦᠷᠢᠶᠡᠨ ᠳᠤ ᠪᠦᠯᠦᠭᠯᠡᠯ ᠤᠨ ᠭᠡᠯᠪᠡᠷᠢ ᠪᠠᠷ ᠬᠠᠮᠲᠤᠷᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠬᠢᠵᠦ᠂ ᠰᠤᠷᠤᠬᠴᠢ ᠶᠢᠨ ᠰᠣᠯᠢᠯᠴᠠᠭ᠎ᠠ᠂ ᠪᠠᠭᠰᠢ ᠶᠢᠨ ᠬᠠᠷᠢᠯᠴᠠᠨ ᠠᠶᠢᠯᠴᠢᠯᠠᠯᠲᠠ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠰᠤᠷᠭᠠᠭᠤᠯᠢ ᠶᠢᠨ ᠬᠤᠭᠤᠷᠣᠨᠳᠣᠭᠢ ᠬᠠᠮᠲᠤᠷᠠᠯᠴᠠᠭ᠎ᠠ ᠶᠢ ᠥᠷᠨᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号