5 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ | ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ | ᠠᠵᠢᠯ ᠤᠨ ᠲᠧᠯᠸᠢᠰ ᠤᠲᠠᠰᠤᠲᠤ ᠬᠤᠷᠠᠯ ᠢ ᠡᠷᠬᠢᠯᠡᠨ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠪᠦᠦ ᠰᠢᠶᠠᠨ ᠬᠤᠸᠠ᠂ ᠥᠪᠡᠷᠲᠡᠭᠡᠨ | ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠬᠤᠷᠠᠯ ᠳᠤ ᠣᠷᠣᠯᠴᠠᠪᠠ᠃ | ᠬᠤᠷᠠᠯ ᠳᠤ ᠱᠠᠭᠠᠷᠳᠠᠭᠰᠠᠨ ᠨᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ | ᠠᠵᠢᠯ ᠣᠯᠬᠤ ᠦᠢᠯᠡᠰ ᠪᠣᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠣᠯᠬᠤ ᠶᠢ | ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠤᠯᠠᠨ ᠠᠷᠭ᠎ᠠ ᠪᠠᠷ ᠠᠵᠢᠯ ᠤᠨ ᠪᠠᠶᠢᠷᠢ ᠶᠢ ᠠᠭᠤᠳᠠᠯᠵᠤ᠂ | ᠲᠦᠷᠦ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠡᠯᠰᠡᠯᠲᠡ ᠶᠢ ᠰᠢᠯᠢᠳᠡᠭᠵᠢᠭᠦᠯᠵᠦ᠂ ᠪᠡᠶ᠎ᠡ ᠪᠠᠨ | ᠳᠠᠭᠠᠭᠠᠵᠤ ᠦᠢᠯᠡᠰ ᠪᠣᠰᠬᠠᠬᠤ ᠪᠠ ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠦᠨᠳᠦᠰᠦᠨ ᠱᠠᠲᠤᠨ ᠳᠤ | ᠣᠴᠢᠵᠤ ᠠᠵᠢᠯ ᠣᠯᠬᠤ ᠶᠢ ᠵᠣᠷᠢᠭᠵᠢᠭᠤᠯᠵᠤ᠂ ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠬᠦ | ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠣᠯᠬᠤ ᠪᠠ ᠦᠢᠯᠡᠰ ᠪᠣᠰᠬᠠᠬᠤ ᠶᠢ ᠵᠢᠯᠤᠭᠤᠳᠬᠤ ᠦᠢᠯᠡᠴᠢᠯᠡᠭᠡ ᠶᠢ | ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠬᠠᠭᠤᠯᠵᠤ ᠬᠥᠲᠥᠯᠥᠨ | ᠵᠢᠯᠤᠭᠤᠳᠬᠤ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠴᠢᠨᠠᠷ | ᠰᠠᠶᠢᠲᠠᠢ ᠮᠥᠷᠲᠡᠭᠡᠨ ᠭᠦᠢᠴᠡᠳ ᠠᠵᠢᠯ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠡᠢ᠃ | | |