ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ︽ᠬᠤᠲᠣᠩ ᠠᠷᠠᠳ ᠤᠨ ᠲᠣᠭᠤᠷᠢᠭ ᠤᠨ ᠪᠦᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/5/24
    ᠶᠦᠮ ᠤᠨ ᠪᠠᠶᠢᠰᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠠᠷᠢᠶᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠤᠲᠣᠩ ᠠᠷᠠᠳ ᠤᠨ ᠲᠣᠭᠤᠷᠢᠭ ᠤᠨ ᠪᠥᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠰᠠᠶᠢᠲᠤᠷ ᠠᠳᠬᠤᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃     ᠬᠤᠲᠣᠩ ᠠᠷᠠᠳ ᠤᠨ ᠲᠣᠭᠤᠷᠢᠭ ᠤᠨ ᠪᠦᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ     ︽3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ﹇2019﹈ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ︽ᠪᠥᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠬᠥᠮᠥᠨ ᠠᠮᠠ ᠲᠠᠷᠬᠠᠭᠠᠭᠰᠠᠨ﹇2021﹈ 17 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠥᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃     ᠨᠢᠭᠡ᠂ ᠵᠢᠯᠤᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠦᠷᠦ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯ ᠦᠵᠡᠭᠦᠯᠬᠦ ᠦᠢᠯᠡᠴᠢᠯᠡᠭᠡ ᠪᠠᠷ ᠭᠤᠣᠯᠳᠠᠯᠭ᠎ᠠ ᠪᠣᠯᠭᠠᠵᠤ᠂ ᠤᠯᠠᠨ ᠲᠡᠰ ᠳᠠᠪᠬᠤᠷᠭ᠎ᠠ ᠶᠢᠨ᠂ ᠤᠯᠠᠨ ᠡᠰᠢᠴᠢᠯᠡᠭᠰᠡᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠮᠠᠨ ᠤ ᠣᠷᠣᠨ ᠤ ᠬᠥᠮᠥᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠢ᠃     ᠬᠤᠶᠠᠷ᠂ ᠠᠵᠢᠯ ᠤᠨ ᠬᠠᠷᠠᠯᠲᠠᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨ ᠲᠡᠭᠦᠯᠳᠡᠷ᠂ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠢᠨᠠᠯᠲᠠ ᠬᠠᠮᠢᠶᠠᠷᠤᠯᠲᠠ ᠪᠥᠬᠦ ᠲᠠᠯ᠎ᠠ ᠪᠠᠷ ᠬᠦᠴᠦᠲᠡᠢ ᠪᠠᠶᠢᠬᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠠᠶᠢᠭᠤᠯᠵᠤ᠂ ᠣᠯᠠᠨ ᠡᠰᠢᠵᠢᠭᠰᠡᠨ᠂ ᠣᠯᠠᠨ ᠶᠠᠩᠵᠤᠴᠢᠯᠠᠭᠰᠠᠨ᠂ ᠬᠤᠲᠠ ᠬᠥᠳᠡᠭᠡ ᠶᠢ ᠬᠠᠮᠤᠷᠤᠭᠰᠠᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ 2024 ᠣᠨ ᠤ ᠡᠴᠦᠰ ᠪᠣᠯᠬᠤ ᠳᠤ᠂ ᠪᠥᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠪᠣᠯᠭᠠᠨ ᠡᠭᠦᠳᠦᠨ ᠪᠠᠶᠢᠭᠤᠯᠤᠨ᠎ᠠ᠃ ᠪᠥᠬᠦ ᠣᠷᠣᠨ ᠳᠤ ᠮᠢᠩᠭᠠᠨ ᠬᠥᠮᠥᠨ ᠠᠮᠠ ᠪᠦᠷᠢ ᠳᠤ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠨᠠᠶᠢᠳᠠᠬᠤ ᠪᠠᠶᠢᠷᠢ 4.0 ᠪᠠᠶᠢᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠶᠢᠳᠠᠬᠤ ᠪᠠᠶᠢᠷᠢ ᠶᠢᠨ ᠲᠤᠭ᠎ᠠ 60% ᠳᠤ ᠬᠦᠷᠴᠦ᠂ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠭᠰᠠᠨ ᠬᠡᠦᠬᠡᠳ ᠤᠨ ᠴᠡᠴᠡᠷᠯᠢᠭ ᠤᠨ ᠶᠡᠷᠦᠩᠬᠡᠢ ᠲᠤᠭ᠎ᠠ ᠳᠠᠬᠢ ᠡᠵᠡᠯᠡᠬᠦ ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠦᠨ᠎ᠡ᠃         ᠭᠤᠷᠪᠠ᠂ ᠡᠭᠦᠳᠦᠨ ᠪᠠᠶᠢᠭᠤᠯᠬᠤ ᠠᠭᠤᠯᠭ᠎ᠠ         ︵ᠨᠢᠭᠡ︶ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ         1. ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠪᠠᠶᠢᠷᠢᠯᠠᠭᠤᠯᠬᠤ ᠶᠢ ᠴᠢᠩᠭᠠᠳᠬᠠᠨ᠎ᠠ᠃ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠶᠢᠨ ᠪᠠᠶᠢᠭᠤᠯᠤᠯᠲᠠ ᠶᠢᠨ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠤᠨ᠎ᠠ᠃ ᠬᠡᠦᠬᠡᠳ ᠰᠠᠭᠠᠲᠠᠭᠤᠯᠬᠤ ᠮᠠᠰᠢᠨ ᠢᠶᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶         2. ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ︵ᠲᠦᠭᠦᠭᠡᠷᠦᠮᠵᠢ︶᠃ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠲᠥᠯᠦᠪᠵᠢᠭᠦᠯᠭᠡ ᠶᠢᠨ ᠨᠥᠬᠦᠴᠡᠯ ᠳᠤ ᠣᠷᠣᠭᠤᠯᠵᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠭᠡᠷ ᠪᠠᠶᠢᠰᠢᠩ ᠢ ᠲᠥᠬᠦᠷᠵᠢᠭᠦᠯᠦᠨ ᠪᠠᠶᠢᠭᠤᠯᠵᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠠᠶᠢᠭᠤᠯᠤᠨ ᠪᠦᠲᠦᠭᠡᠬᠦ ᠶᠢᠨ ᠬᠠᠮᠲᠤ ᠬᠡᠷᠡᠭᠯᠡᠬᠦ ᠴᠢᠳᠠᠮᠵᠢ ᠶᠢ ᠪᠦᠷᠢᠯᠳᠦᠭᠦᠯᠦᠭᠰᠡᠨ ᠤ ᠳᠠᠷᠠᠭ᠎ᠠ ᠰᠠᠭᠤᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ᠂ ᠨᠡᠶᠢᠭᠡᠮ ᠲᠣᠭᠤᠷᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠥᠷᠨᠢᠭᠦᠯᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶         3. ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠯᠪᠠᠨ ᠠᠴᠠ ᠡᠷᠬᠢᠯᠡᠭᠰᠡᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠳᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠵᠦ᠂ ᠪᠤᠰᠤᠳ ᠲᠥᠷᠥᠯ ᠬᠡᠯᠪᠡᠷᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶     4. ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠬᠡᠬᠤᠲᠠ ᠳᠤ ᠰᠠᠭᠤᠭ᠎ᠠ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠶᠢ ᠵᠣᠷᠢᠭᠵᠢᠭᠤᠯᠵᠤ᠂ ᠳᠠᠭᠠᠳᠬᠠᠯ ᠤᠨ ᠪᠠᠶᠢᠭᠤᠯᠤᠮᠵᠢ ᠶᠢᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠳᠠᠭᠠᠳᠬᠠᠯ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ︶         ︵ᠬᠤᠶᠠᠷ︶ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ         5. ᠬᠡᠦᠬᠡᠳ ᠰᠠᠭᠠᠲᠠᠭᠤᠯᠬᠤ ᠨᠢᠭᠡ ᠴᠣᠭᠴᠠᠵᠢᠯᠲᠠ ᠶᠢ ᠠᠬᠢᠭᠤᠯᠤᠨ᠎ᠠ᠃ ᠬᠡᠦᠬᠡᠳ ᠤᠨ ᠴᠡᠴᠡᠷᠯᠢᠭ ᠤᠨ 3 - 6 ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠥᠷᠨᠢᠭᠦᠯᠵᠦ᠂ 2 - 3 ᠨᠠᠰᠤᠨ ᠤ ᠬᠡᠦᠬᠡᠳ ᠤᠨ ᠬᠡᠦᠬᠡᠳ ᠰᠠᠭᠠᠲᠠᠭᠤᠯᠬᠤ ᠠᠩᠭᠢ ᠶᠢ ᠨᠡᠮᠡᠵᠦ ᠪᠠᠶᠢᠭᠤᠯᠬᠤ ᠶᠢ ᠳᠡᠮᠵᠢᠨ᠎ᠡ᠃ 2024 ᠤᠨ ᠪᠣᠯᠬᠤ ᠳᠤ᠂ ᠪᠥᠬᠦ ᠣᠷᠣᠨ ᠳᠤ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠭᠰᠠᠨ ᠬᠡᠦᠬᠡᠳ ᠤᠨ ᠴᠡᠴᠡᠷᠯᠢᠭ ᠤᠨ ᠶᠡᠷᠦᠩᠬᠡᠢ ᠲᠤᠭ᠎ᠠ ᠶᠢᠨ ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠶᠢᠳᠠᠯᠭ᠎ᠠ ᠶᠢᠨ ᠣᠷᠣᠨ ᠲᠤᠭ᠎ᠠ ᠶᠢ 1080 ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ︵ᠬᠠᠷᠢᠭᠤᠴᠠᠯᠭᠠᠲᠤ ᠨᠢᠭᠡᠴᠡ᠄ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶         6. ᠬᠥᠮᠥᠨ ᠬᠡᠷᠡᠭᠯᠡᠬᠦ ᠨᠢᠭᠡᠴᠡ ᠶᠢᠨ ᠬᠡᠦᠬᠡᠳ ᠠᠪᠬᠤ ᠶᠢ ᠢᠳᠡᠪᠬᠢᠲᠡᠢ ᠳᠡᠮᠵᠢᠨ᠎ᠡ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠮᠵᠢᠵᠦ ᠪᠠᠶᠢᠭᠠᠳ ᠪᠦᠲᠦᠭᠡᠨ ᠪᠠᠶᠢᠭᠤᠯᠬᠤ ᠪᠠᠷᠢᠮᠵᠢᠶ᠎ᠠ ᠶᠣᠰᠣᠭᠠᠷ᠂ ᠲᠤᠰᠠᠭᠠᠷ ᠪᠤᠶᠤ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠯᠴᠠᠨ ᠬᠠᠮᠲᠤ ᠪᠠᠷ ᠡᠷᠬᠢᠯᠡᠬᠦ ᠪᠤᠶᠤ ᠭᠤᠷᠪᠠᠳᠠᠭᠢ ᠡᠲᠡᠭᠡᠳ ᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠲᠤᠰ ᠪᠠᠶᠢᠭᠤᠯᠭ᠎ᠠ ᠶᠢᠨ ᠠᠵᠢᠯᠲᠠᠨ ᠠᠵᠢᠯᠴᠢᠨ ᠳᠤ ᠠᠰᠠᠷᠠᠮᠵᠢ ᠶᠢᠨ ᠴᠢᠨᠠᠷᠲᠠᠢ ᠠᠰᠠᠷᠠᠨ ᠬᠥᠮᠥᠵᠢᠭᠦᠯᠬᠦ ᠦᠢᠯᠡᠴᠢᠯᠡᠭᠡ ᠬᠠᠩᠭᠠᠨ᠎ᠠ᠃ ᠬᠡᠦᠬᠡᠳ ᠠᠪᠬᠤ ᠨᠠᠰᠤᠨ ᠤ ᠡᠮᠡᠭᠲᠡᠢ ᠨᠡᠯᠢᠶᠡᠳ ᠣᠯᠠᠨ᠂ ᠬᠡᠦᠬᠡᠳ ᠰᠠᠭᠠᠲᠠᠭᠤᠯᠬᠤ ᠬᠡᠷᠡᠭᠴᠡᠭᠡ ᠨᠡᠯᠢᠶᠡᠳ ᠴᠢᠩᠭ᠎ᠠ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠠᠰᠠᠷ ᠲᠠᠭᠲᠤ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠳᠡᠯᠭᠡᠷᠡᠭᠦᠯᠬᠦ ᠶᠢ ᠵᠣᠷᠢᠭᠵᠢᠭᠤᠯᠤᠨ ᠳᠡᠮᠵᠢᠵᠦ᠂ ᠬᠡᠷᠡᠭᠴᠡᠭᠡ ᠱᠠᠭᠠᠷᠳᠠᠯᠭ᠎ᠠ ᠲᠠᠢ ᠠᠵᠢᠯᠲᠠᠨ ᠠᠵᠢᠯᠴᠢᠨ ᠳᠤ ᠰᠠᠨᠠᠭ᠎ᠠ ᠠᠮᠤᠷ᠂ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ 2024 ᠣᠨ ᠳᠤ᠂ ᠮᠠᠨ ᠤ ᠣᠷᠣᠨ ᠠᠳᠠᠭ ᠲᠠᠭᠠᠨ 1 ᠬᠥᠮᠥᠨ ᠬᠡᠷᠡᠭᠯᠡᠬᠦ ᠨᠢᠭᠡᠴᠢ ᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠵᠤ᠂ ᠨᠥᠬᠦᠴᠡᠯ ᠲᠠᠢ ᠪᠣᠯ ᠣᠶᠢᠷ᠎ᠠ ᠬᠠᠪᠢ ᠶᠢᠨ ᠰᠠᠭᠤᠭᠠᠯᠢ ᠠᠷᠠᠳ ᠲᠤ ᠨᠡᠭᠡᠭᠡᠯᠲᠡ ᠬᠢᠵᠦ᠂ ᠨᠡᠶᠢᠲᠡ 40 ᠭᠠᠷᠤᠢ ᠣᠷᠣᠨ ᠪᠠᠶᠢᠷᠢ ᠬᠠᠩᠭᠠᠪᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶         7. ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠢ ᠶᠡᠬᠡᠪᠡᠷ ᠥᠷᠨᠢᠭᠦᠯᠬᠦ ᠬᠡᠷᠡᠭᠲᠡᠢ᠃ ᠵᠡᠭᠡᠯᠢ ᠭᠤᠳᠤᠮᠵᠢ ᠶᠢᠨ ᠰᠤᠯᠠ ᠪᠠᠶᠢᠭ᠎ᠠ ᠠᠯᠪᠠᠯᠠᠬᠤ ᠭᠡᠷ ᠪᠠᠶᠢᠰᠢᠩ᠂ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ ᠦᠯᠡᠳᠡᠭᠡᠯ ᠭᠡᠷ ᠪᠠᠶᠢᠰᠢᠩ ᠤᠨ ᠡᠬᠢ ᠪᠠᠶᠠᠯᠢᠭ ᠢ ᠠᠰᠢᠭᠯᠠᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠨᠡᠮᠡᠨ ᠪᠠᠶᠢᠭᠤᠯᠵᠤ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠳᠡᠮᠵᠢᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠠᠪᠴᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠣᠷᠣᠭᠤᠯᠤᠨ ᠠᠵᠢᠯᠯᠠᠭᠤᠯᠵᠤ ᠪᠣᠯᠣᠨ᠎ᠠ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠣᠷᠣᠭᠤᠯᠤᠨ᠎ᠠ᠃ 2024 ᠤᠨ ᠪᠣᠯᠬᠤ ᠳᠤ᠂ ᠭᠤᠸᠠᠩ ᠮᠢᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠢ ᠰᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠯᠠᠱᠠ ᠶᠢᠨ ᠬᠤᠶᠢᠲᠤ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠲᠣᠰ 1 ᠨᠡᠶᠢᠭᠡᠮ ᠲᠣᠭᠤᠷᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠪᠠᠶᠢᠭᠤᠯᠵᠤ᠂ ᠨᠠᠶᠢᠳᠠᠯᠭ᠎ᠠ ᠶᠢᠨ ᠲᠤᠭ᠎ᠠ ᠶᠢ 90  ᠠᠴᠠ ᠳᠤᠲᠠᠭᠤ ᠦᠭᠡᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠤᠸᠠᠩ ᠮᠢᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠢ ᠰᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠯᠠᠱᠠ ᠶᠢᠨ ᠬᠤᠶᠢᠲᠤ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶         8. ᠨᠡᠶᠢᠭᠡᠮ ᠤᠨ ᠬᠦᠴᠦᠨ ᠤ ᠨᠠᠶᠢᠳᠠᠨ ᠡᠷᠬᠢᠯᠡᠬᠦ ᠶᠢ ᠵᠣᠷᠢᠭᠵᠢᠭᠤᠯᠤᠨ ᠳᠡᠮᠵᠢᠨ᠎ᠡ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠡᠯᠬᠢᠶᠡᠵᠢᠭᠦᠯᠬᠦ᠂ ᠨᠠᠷᠠᠲᠤ ᠲᠡᠮᠳᠡᠭᠵᠢᠭᠦᠯᠬᠦ᠂ ᠲᠤᠰᠬᠠᠶᠢᠵᠢᠭᠤᠯᠤᠨ ᠬᠥᠭᠵᠢᠭᠦᠯᠬᠦ ᠶᠢ ᠵᠣᠷᠢᠭᠵᠢᠭᠤᠯᠵᠤ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠲᠤᠰᠠᠯᠠᠬᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠬᠤ ᠶᠢ ᠳᠡᠮᠵᠢᠵᠦ᠂ ᠪᠦᠬᠦᠯᠢ ᠡᠳᠦᠷ ᠤᠨ ᠲᠤᠭ᠎ᠠ᠂ ᠬᠠᠭᠠᠰ ᠡᠳᠦᠷ ᠤᠨ ᠲᠤᠭ᠎ᠠ᠂ ᠴᠠᠭ ᠪᠤᠳᠤᠵᠤ ᠨᠠᠶᠢᠳᠠᠬᠤ ᠵᠡᠷᠭᠡ ᠣᠯᠠᠨ ᠶᠠᠩᠵᠤ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠨ᠎ᠠ᠃ 2024 ᠣᠨ ᠳᠤ ᠲᠤᠯᠤᠭᠠᠨ ᠬᠡᠷᠡᠭ ᠡᠷᠬᠢᠯᠡᠬᠦ ᠭᠠᠵᠠᠷ ︵ᠰᠢᠨᠬᠤᠸᠠ ᠪᠠᠷᠠᠭᠤᠨ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠵᠥᠩ ᠱᠠᠨ ᠪᠠᠷᠠᠭᠤᠨ ᠵᠠᠮ ‍ᠤᠨ‌‍ᠬᠡᠷᠡᠭ ᠡᠷᠬᠢᠯᠡᠬᠦ ᠭᠠᠵᠠᠷ᠂ ᠭᠤᠸᠠᠩ ᠮᠢᠩ ᠵᠠᠮ ‍ᠤᠨ‌‍ᠬᠡᠷᠡᠭ ᠡᠷᠬᠢᠯᠡᠬᠦ ᠭᠠᠵᠠᠷ᠂᠂ ᠬᠠᠶᠢᠯᠠᠷ ᠪᠠᠷᠠᠭᠤᠨ‌ᠵᠠᠮ ᠤᠨ ᠬᠡᠷᠡᠭ ᠡᠷᠬᠢᠯᠡᠬᠦ ᠭᠠᠵᠠᠷ᠂᠂  ᠬᠤᠸᠠᠨ ᠾᠧ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠪᠣᠯᠣᠳ ᠲᠡᠮᠦᠷ  ᠵᠠᠮ ᠤᠨ ᠠᠯᠪᠠᠨ ᠭᠡᠷ︶ ᠲᠣᠰ ᠲᠣᠰ ᠨᠠᠭᠠᠲᠤ ᠵᠠᠬ᠎ᠠ ᠳᠠᠭᠠᠨ 1 ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠵᠢᠱᠢᠶ᠎ᠡ ᠦᠵᠡᠭᠦᠯᠬᠦ ᠴᠡᠭ ︵ᠬᠠᠭᠠᠰ ᠡᠳᠦᠷ ᠤᠨ ᠨᠠᠶᠢᠳᠠᠯᠭ᠎ᠠ ᠥᠷᠨᠢᠭᠦᠯᠵᠦ᠂ ᠲᠦᠷ ᠴᠠᠭ ᠨᠠᠶᠢᠳᠠᠭᠰᠠᠨ︶ ᠪᠠᠶᠢᠭᠤᠯᠵᠤ᠂ ᠨᠠᠶᠢᠳᠠᠯᠭ᠎ᠠ ᠶᠢᠨ ᠲᠤᠭ᠎ᠠ ᠶᠢᠨ ᠲᠤᠭ᠎ᠠ 140 ᠪᠠᠶᠢᠪᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶     9. ᠬᠤᠲᠠ ᠬᠥᠳᠡᠭᠡ ᠶᠢᠨ ᠬᠡᠦᠬᠡᠳ ᠰᠠᠭᠠᠲᠠᠭᠤᠯᠬᠤ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠨ ᠪᠦᠰᠡ ᠶᠢᠨ ᠳᠣᠲᠣᠷᠠᠬᠢ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠭᠠᠵᠠᠷ ᠣᠷᠣᠨ ᠳᠤ ᠨᠡᠶᠢᠳᠡᠮ ᠠᠰᠢᠭ ᠬᠦᠷᠲᠡᠭᠡᠬᠦ ᠴᠢᠨᠠᠷᠲᠠᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠳᠡᠮᠵᠢᠨ᠎ᠡ᠃ ᠠᠷᠠᠳ ᠤᠨ ᠶᠠᠪᠤᠳᠠᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠳᠠᠪᠠᠭᠤᠯᠢᠭ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠠᠩᠬᠠᠨ ᠤ ᠬᠥᠭᠵᠢᠯᠲᠡ ᠶᠢ ᠭᠤᠣᠯᠳᠠᠯᠭ᠎ᠠ ᠲᠠᠢ ᠠᠩᠬᠠᠷᠴᠤ᠂ ᠬᠡᠦᠬᠡᠳ ᠰᠠᠭᠠᠲᠠᠭᠤᠯᠬᠤ᠂ ᠬᠡᠦᠬᠡᠳ ᠪᠣᠶᠢᠵᠢᠭᠤᠯᠬᠤ ᠶᠢ ᠵᠢᠭᠠᠨ ᠵᠢᠯᠤᠭᠤᠳᠬᠤ᠂ ᠠᠷᠠᠴᠢᠯᠠᠨ ᠬᠠᠮᠠᠭᠠᠯᠠᠬᠤ ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠶᠦᠮ ᠤᠨ ᠪᠠᠶᠢᠰᠢᠩ ᠪᠠᠯᠭᠠᠰᠤ︶         ︵ᠭᠤᠷᠪᠠ︶ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠤᠨ᠎ᠡ         10.ᠭᠡᠷ ᠪᠦᠯᠢ ᠶᠢᠨ ᠬᠠᠷᠠᠭᠠᠯᠵᠠᠨ ᠠᠰᠠᠷᠠᠬᠤ ᠵᠢᠯᠣᠭᠤᠳᠤᠯᠭ᠎ᠠ ᠶᠢ ᠴᠢᠩᠭᠠᠳᠬᠠᠨ᠎ᠠ᠃ ᠬᠥᠩᠭᠡᠵᠢᠬᠦ ᠴᠢᠯᠦᠭᠡ᠂ ᠡᠷᠡᠭᠲᠡᠢ ᠶᠢᠨ ᠲᠠᠯ᠎ᠠ ᠶᠢᠨ ᠠᠰᠠᠷᠠᠨ ᠰᠤᠪᠢᠯᠠᠬᠤ ᠴᠢᠯᠦᠭᠡ ᠭᠤᠶᠤᠬᠤ ᠪᠠ ᠬᠡᠦᠬᠡᠳ ᠪᠣᠶᠢᠵᠢᠭᠤᠯᠬᠤ ᠴᠢᠯᠦᠭᠡ ᠭᠤᠶᠤᠬᠤ᠂ ᠠᠮᠠᠷᠠᠯᠲᠠ ᠶᠢᠨ ᠬᠤᠭᠤᠴᠠᠭᠠᠨ ᠤ ᠴᠠᠯᠢᠩ᠂ ᠠᠰᠠᠷᠠᠮᠵᠢ ᠵᠡᠷᠭᠡ ᠣᠯᠭᠤᠮᠵᠢ ᠶᠢ ᠬᠤᠪᠢᠷᠠᠭᠤᠯᠬᠤ ᠦᠭᠡᠢ ᠪᠠᠶᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠭᠡᠷ ᠪᠦᠯᠢ ᠳᠤ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠵᠢᠯᠣᠭᠤᠳᠤᠯᠭ᠎ᠠ ᠬᠠᠩᠭᠠᠵᠤ᠂ ᠨᠢᠯᠬ᠎ᠠ ᠬᠡᠦᠬᠡᠳ ᠤᠨ ᠪᠦᠬᠦ ᠲᠠᠯ᠎ᠠ ᠪᠠᠷ ᠡᠷᠡᠭᠦᠯ ᠢᠶᠠᠷ ᠥᠰᠦᠨ ᠪᠣᠶᠢᠵᠢᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠡᠬᠡ ᠨᠢᠯᠬ᠎ᠠ ᠶᠢᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡᠨ ᠤ ᠠᠵᠢᠯ ᠢ ᠦᠨᠡᠨᠬᠦ ᠰᠠᠶᠢᠲᠤᠷ ᠬᠢᠵᠦ᠂ ᠡᠷᠦᠬᠡ ᠳᠤ ᠬᠦᠷᠴᠦ ᠵᠢᠯᠤᠭᠤᠳᠬᠤ᠂ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ᠂ ᠭᠡᠷ ᠤᠨ ᠠᠬᠠᠮᠠᠳ ᠤᠨ ᠬᠢᠴᠢᠶᠡᠯ ᠤᠨ ᠲᠠᠩᠬᠢᠮ᠂ ᠲᠤᠰᠬᠠᠢ ᠮᠡᠷᠭᠡᠵᠢᠯᠲᠡᠨ ᠠᠴᠠ ᠯᠠᠪᠯᠠᠯᠭ᠎ᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠡᠷ ᠪᠦᠯᠢ ᠶᠢᠨ ᠠᠰᠠᠷᠠᠨ ᠬᠥᠮᠥᠵᠢᠭᠦᠯᠬᠦ ᠵᠢᠯᠣᠭᠤᠳᠤᠯᠭ᠎ᠠ ᠪᠠ ᠨᠢᠯᠬ᠎ᠠ ᠬᠡᠦᠬᠡᠳ ᠤᠨ ᠡᠷᠲᠡ ᠬᠥᠭᠵᠢᠯᠲᠡ ᠶᠢᠨ ᠦᠢᠯᠡᠴᠢᠯᠡᠭᠡᠨ ᠢ ᠥᠷᠨᠢᠭᠦᠯᠵᠦ᠂ ᠭᠡᠷ ᠪᠦᠯᠢ ᠶᠢᠨ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠣᠷᠣᠯᠠᠨ ᠬᠠᠷᠠᠭᠠᠯᠵᠠᠨ ᠠᠰᠠᠷᠠᠬᠤ᠂ ᠭᠡᠷ ᠪᠦᠯᠢ ᠶᠢᠨ ᠬᠠᠷᠢᠯᠴᠠᠨ ᠬᠠᠪᠰᠤᠷᠤᠯᠴᠠᠬᠤ ᠵᠡᠷᠭᠡ ᠬᠠᠷᠠᠭᠠᠯᠵᠠᠨ ᠠᠰᠠᠷᠠᠬᠤ ᠵᠠᠭᠪᠤᠷ ᠢ ᠰᠦᠪᠡᠭᠴᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶         11.︽ᠡᠮᠴᠢᠯᠡᠭᠡ ᠬᠥᠮᠦᠵᠢᠯ ᠢ ᠤᠶᠠᠯᠳᠤᠭᠤᠯᠬᠤ︾ ᠶᠢ ᠴᠢᠩᠭᠠᠳᠬᠠᠨ᠎ᠠ᠃ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠣᠳᠠᠲᠠᠢ ᠪᠥᠭᠡᠳ ᠨᠠᠷᠢᠯᠢᠭ ᠬᠢᠵᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠨᠢᠯᠬ᠎ᠠ ᠬᠡᠦᠬᠡᠳ ᠲᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠡᠮᠴᠢᠯᠡᠭᠡ ᠬᠥᠮᠦᠵᠢᠯ ᠤᠨ ᠬᠠᠮᠲᠤ ᠶᠢᠨ ᠴᠣᠭᠴᠠ ᠶᠢ ᠰᠦᠪᠡᠭᠴᠢᠯᠡᠨ ᠪᠠᠶᠢᠭᠤᠯᠤᠨ᠎ᠠ᠃ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ ᠲᠦᠰᠢᠭᠯᠡᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠯᠤᠭᠤᠳᠬᠤ ᠲᠥᠪ ᠢ ᠪᠠᠶᠢᠭᠤᠯᠵᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶         12.ᠬᠡᠦᠬᠡᠳ ᠰᠠᠭᠠᠲᠠᠭᠤᠯᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠠᠵᠢᠯ ᠲᠥᠷᠥᠯ ᠤᠨ ᠬᠥᠮᠥᠰ ᠢ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠳᠤ ᠣᠷᠣᠭᠤᠯᠵᠤ᠂ ᠠᠰᠠᠷᠠᠨ ᠬᠥᠮᠥᠵᠢᠭᠦᠯᠦᠭᠴᠢ᠂ ᠬᠡᠦᠬᠡᠳ ᠠᠰᠠᠷᠠᠭᠴᠢ ᠵᠡᠷᠭᠡ ᠶᠢ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠠᠵᠢᠯ ᠮᠡᠷᠭᠡᠵᠢᠯ ᠤᠨ ᠭᠠᠷᠴᠠᠭ ᠲᠤ ᠣᠷᠣᠭᠤᠯᠤᠨ᠎ᠠ᠃ 2024 ᠣᠨ ᠳᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠷᠥᠯ ᠤᠨ ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠠᠰᠠᠷᠠᠨ ᠬᠥᠮᠥᠵᠢᠭᠦᠯᠦᠭᠴᠢ᠂ ᠬᠡᠦᠬᠡᠳ ᠬᠥᠮᠥᠵᠢᠭᠦᠯᠦᠭᠴᠢ ᠶᠢᠨ ᠵᠡᠷᠭᠡ ᠲᠠᠰ ᠤᠨ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠤᠭᠰᠠᠨ ᠨᠣᠷᠮ᠎ᠠ ᠶᠢ 80% ᠠᠴᠠ ᠳᠠᠪᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠯᠪᠣᠭᠳᠠᠬᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶         13. ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠪᠥᠬᠦ ᠬᠤᠲᠠ ᠶᠢᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶᠃       ︵ᠳᠥᠷᠪᠡ︶ ᠶᠡᠷᠦᠩᠬᠡᠶᠢᠯᠡᠨ ᠬᠢᠨᠠᠨ ᠬᠠᠮᠢᠶᠠᠷᠬᠤ ᠡᠷᠴᠢᠮ ᠢᠶᠠᠨ ᠴᠢᠩᠬᠠᠷᠠᠭᠤᠯᠤᠨ᠎ᠠ          14. ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠪᠠᠶᠢᠭᠤᠯᠤᠮᠵᠢ ᠶᠢᠨ ᠣᠷᠣᠨ ᠲᠤᠭ᠎ᠠ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠬᠠᠮᠵᠢᠯᠴᠠᠬᠤ᠂ ᠨᠥᠬᠦᠴᠡᠯ ᠢᠶᠠᠨ ᠰᠢᠯᠢᠳᠡᠭᠵᠢᠭᠦᠯᠬᠦ᠂ ᠲᠠᠰ ᠳᠠᠷᠠᠭᠠᠯᠠᠯ ᠢᠶᠠᠨ ᠪᠠᠭᠠᠰᠬᠠᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ︵ᠬᠡᠦᠬᠡᠳ ᠤᠨ ᠴᠡᠴᠡᠷᠯᠢᠭ ᠤᠨ ᠬᠡᠦᠬᠡᠳ ᠰᠠᠭᠠᠲᠠᠭᠤᠯᠬᠤ ᠠᠩᠭᠢ ᠪᠠᠭᠲᠠᠨ᠎ᠠ︶ ᠶᠢ ᠳᠠᠩᠰᠠᠯᠠᠬᠤ᠂ ᠳᠠᠩᠰᠠᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶      15. ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠣᠯᠠᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠬᠢᠵᠦ᠂ ᠪᠠᠶᠢᠭᠤᠯᠤᠮᠵᠢ ᠶᠢᠨ ︽ᠰᠦᠯᠵᠢᠶᠡᠨ ᠳᠡᠭᠡᠷ᠎ᠡ ᠲᠤᠰᠢᠶᠠᠬᠤ︾᠂ ᠭᠡᠷ ᠪᠦᠯᠢ ᠶᠢᠨ ︽ᠰᠦᠯᠵᠢᠶᠡᠨ ᠳᠡᠭᠡᠷ᠎ᠡ ᠪᠣᠯᠵᠤ︾᠂ ᠣᠯᠠᠨ ᠲᠦᠮᠡᠨ ᠤ ︽ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠳᠠᠷᠤᠶᠢᠬᠠᠨ ᠪᠠᠶᠢᠴᠠᠭᠠᠬᠤ︾ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠲᠣᠪᠴᠢᠶ᠎ᠠ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶          16.ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠣᠯᠠᠨ ᠨᠡᠶᠢᠲᠡ ᠶᠢᠨ ᠠᠮᠤᠷ ᠲᠦᠪᠰᠢᠨ ᠤ ᠭᠤᠣᠯᠳᠠᠯᠭ᠎ᠠ ᠲᠠᠢ ᠪᠠᠲᠤᠯᠠᠬᠤ ᠬᠡᠪᠴᠢᠶᠡᠨ ᠳᠤ ᠣᠷᠣᠭᠤᠯᠵᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠷᠢᠯᠭ᠎ᠠ᠂ ᠭᠠᠯ ᠤᠨᠲᠠᠷᠠᠭᠠᠬᠤ᠂ ᠢᠳᠡᠭᠡᠨ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠥᠬᠦ ᠲᠠᠯ᠎ᠠ ᠪᠠᠷ ᠰᠠᠬᠢᠨ᠎ᠠ᠃ ᠵᠡᠭᠡᠯᠢ ᠭᠤᠳᠤᠮᠵᠢ ︵ᠰᠢᠶᠠᠩ ᠪᠠᠯᠭᠠᠰᠤ︶ ᠨᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠵᠢᠭᠠᠨ ᠵᠢᠯᠤᠭᠤᠳᠬᠤ᠂ ᠬᠢᠨᠠᠯᠲᠠ ᠲᠠᠯᠪᠢᠬᠤ ᠪᠠ ᠬᠠᠮᠢᠶᠠᠷᠬᠤ ᠪᠠᠨ ᠴᠢᠩᠭᠠᠳᠬᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ᠶᠢᠦ ᠶᠢᠤ  ᠪᠠᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶         ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ          ︵ᠨᠢᠭᠡ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ ᠦᠶ᠎ᠡ ︵2024 ᠣᠨ ᠤ 3 ᠰᠠᠷ᠎ᠠ ᠠᠴᠠ 2024 ᠣᠨ ᠤ 10 ᠰᠠᠷ᠎ᠠ︶         ᠪᠠᠰᠠ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠡᠷᠡᠭᠵᠢᠭᠦᠯᠬᠦ ᠲᠥᠰᠥᠯ ᠶᠣᠰᠣᠭᠠᠷ᠂ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠪᠣᠳᠠᠲᠠᠢ ᠳᠤ ᠰᠠᠭᠤᠷᠢᠯᠠᠵᠤ᠂ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃         ︵ᠬᠤᠶᠠᠷ︶ ᠥᠪᠡᠰᠦᠪᠡᠨ ᠪᠠᠶᠢᠴᠠᠭᠠᠵᠤ ᠦᠨᠡᠯᠡᠨ ᠵᠢᠱᠢᠬᠦ ᠱᠠᠲᠤ ᠦᠶ᠎ᠡ ︵2024 ᠣᠨ ᠤ 10 ᠳ᠋ᠤᠭᠠᠷ ᠰᠠᠷ᠎ᠠ︶         ᠪᠥᠬᠦ ᠣᠷᠣᠨ ᠤ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠳᠤ ᠥᠪᠡᠷ ᠤᠨ ᠦᠨᠡᠯᠡᠯᠲᠡ ᠬᠢᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃         ︵ᠭᠤᠷᠪᠠ︶ ᠳ᠋ᠦᠩᠨᠡᠨ ᠰᠢᠯᠭᠠᠨ ᠠᠪᠬᠤ ᠱᠠᠲᠤ ᠦᠶ᠎ᠡ ︵2024 ᠣᠨ ᠤ 11 ᠰᠠᠷ᠎ᠠ︶          ᠬᠠᠮᠢᠶ᠎ᠠ ᠪᠦᠬᠦᠢ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠤᠨ ᠡᠮᠬᠢᠯᠡᠵᠦ᠂ ᠮᠠᠨ ᠤ ᠬᠤᠲᠠ ᠶᠢᠨ ᠡᠭᠦᠳᠦᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ᠂ ᠰᠢᠯᠭᠠᠨ ᠠᠪᠬᠤ ᠱᠠᠲᠤ ᠦᠶ᠎ᠡ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠵᠢᠱᠢᠭᠰᠡᠨ ᠦᠷ᠎ᠡ ᠪᠦᠲᠦᠮᠵᠢ ᠣᠯᠬᠤ ᠬᠡᠷᠡᠭᠲᠡᠢ᠃         ᠲᠠᠪᠤ᠂ ᠠᠵᠢᠯ ᠤᠨ ᠱᠠᠭᠠᠷᠳᠠᠯᠭ᠎ᠠ         ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠠᠮᠲᠤᠷᠠᠭᠰᠠᠨ ᠬᠤᠷᠠᠯ ᠤᠨ ᠳᠦᠷᠢᠮ ᠪᠠ ᠰᠠᠷ᠎ᠠ ᠶᠢᠨ ᠲᠣᠬᠢᠷᠠᠭᠤᠯᠤᠯᠲᠠ ᠶᠢᠨ ᠳᠦᠷᠢᠮ ᠢ ᠬᠡᠷᠡᠭᠵᠢᠭᠦᠯᠵᠦ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠠᠷ᠎ᠠ ᠪᠦᠷᠢ ᠶᠢᠨ 3 ᠤ ᠡᠳᠦᠷ ᠠᠴᠠ ᠡᠮᠦᠨ᠎ᠡ ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠵᠦ᠂ ᠬᠤᠷᠢᠶᠠᠩᠭᠤᠶᠢᠯᠠᠭᠰᠠᠨ ᠤ ᠳᠠᠷᠠᠭ᠎ᠠ ᠨᠢᠭᠡᠳᠦᠯᠲᠡᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠠᠵᠢᠯ ᠤᠨ ᠠᠬᠢᠴᠠ ᠶᠢ ᠮᠡᠳᠡᠭᠳᠡᠨ᠂ ᠠᠰᠠᠭᠤᠳᠠᠯ ᠢ ᠵᠥᠪᠳᠡᠯᠴᠡᠨ ᠰᠢᠢᠳᠪᠦᠷᠢᠯᠡᠵᠦ᠂ ᠵᠣᠬᠢᠴᠠᠭᠤᠯᠤᠨ ᠬᠠᠮᠵᠢᠯᠴᠠᠬᠤ ᠪᠠᠨ ᠦᠨᠡᠨ ᠬᠦ ᠴᠢᠩᠭᠠᠳᠬᠠᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃         ︵ᠬᠤᠶᠠᠷ︶ ᠤᠬᠠᠭᠤᠯᠭ᠎ᠠ ᠶᠢ ᠠᠬᠢᠭᠤᠯᠬᠤ ᠠᠵᠢᠯ ᠢ ᠰᠠᠶᠢᠲᠤᠷ ᠬᠢᠨ᠎ᠡ᠃ ᠵᠠᠰᠠᠭ ᠤᠨ ᠶᠠᠪᠤᠳᠠᠯ ᠤᠨ ᠰᠦᠯᠵᠢᠶ᠎ᠡ᠂ ᠰᠣᠨᠢᠨ ᠰᠡᠳᠬᠦᠯ᠂ ᠰᠢᠨ᠎ᠡ ᠵᠠᠭᠤᠴᠢᠯᠠᠭᠤᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠶᠢ ᠦᠨᠡᠨᠬᠦ ᠴᠢᠩᠭᠠᠳᠬᠠᠵᠤ᠂ ᠬᠤᠲᠠ ᠶᠢᠨ ᠠᠷᠠᠳ ᠤᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ᠂ ᠨᠡᠶᠢᠭᠡᠮ᠂ ᠵᠠᠰᠠᠭ ᠤᠨ ᠣᠷᠳᠣᠨ ᠬᠠᠮᠲᠤ ᠪᠠᠷ ᠣᠷᠣᠯᠴᠠᠵᠤ ᠡᠭᠦᠳᠦᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号