ᠨᠢᠭᠡ᠂ ᠲᠤᠭᠤᠷᠪᠢᠨ ᠪᠢᠴᠢᠭᠰᠡᠨ ᠪᠤᠶᠤ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ | ᠣᠳᠣᠬᠠᠨ ᠤ ᠨᠡᠶᠢᠭᠡᠮ ᠳᠤ ᠬᠥᠮᠥᠰ ᠤᠨ ᠠᠮᠢᠳᠤᠷᠠᠯ ᠤᠨ ᠠᠶᠢᠵᠠᠮ ᠤᠨ ᠲᠦᠷᠭᠡᠳᠬᠦ ᠵᠢᠴᠢ ᠠᠩᠬᠠᠨ ᠤ | ᠰᠤᠷᠭᠠᠨ ᠬᠥᠮᠦᠵᠢᠯ ᠢ ᠡᠳᠦᠷ ᠢᠷᠡᠬᠦᠶ᠎ᠡ ᠴᠢᠬᠤᠯᠠᠴᠢᠯᠠᠬᠤ ᠶᠢ ᠳᠠᠭᠠᠯᠳᠤᠨ᠂ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠦᠢᠯᠡᠴᠢᠯᠡᠭᠡ ᠨᠢ ᠥᠷᠭᠡᠨ ᠣᠯᠠᠨ ᠭᠡᠷ ᠪᠦᠯᠢ ᠶᠢᠨ ᠲᠤᠯᠭᠠᠮ᠎ᠠ ᠬᠡᠷᠡᠭᠴᠡᠭᠡ ᠪᠣᠯᠤᠭᠰᠠᠨ ᠪᠠᠶᠢᠨ᠎ᠠ᠃ | ᠤᠯᠤᠰ ᠠᠴᠠ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠵᠦ᠂ ᠡᠯ᠎ᠡ | ᠭᠠᠵᠠᠷ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠶᠢ ᠵᠣᠷᠢᠭᠵᠢᠭᠤᠯᠪᠠ᠃ | 2024 ᠣᠨ ᠤ 4 ᠰᠠᠷ᠎ᠠ ᠳᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠥᠬᠦ | ᠤᠯᠤᠰ ᠤᠨ ᠨᠢᠷᠠᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ | ᠵᠠᠰᠠᠭ ᠠᠯᠪᠠᠨ ᠥᠰᠥᠭ︹ 2020︺ 18 ᠳ᠋ᠤᠭᠠᠷ ᠲᠣᠭᠠᠲᠤ︶ ᠲᠠᠷᠬᠠᠭᠠᠪᠠ᠃ ᠬᠤᠲᠣᠩ ᠠᠷᠠᠳ ᠤᠨ ᠲᠣᠭᠤᠷᠢᠭ | ᠨᠢ ᠬᠥᠬᠡᠬᠤᠲᠠ ᠶᠢᠨ ᠪᠦᠬᠦ ᠤᠯᠤᠰ ᠤᠨ ᠨᠢᠯᠬ᠎ᠠ ᠬᠡᠦᠬᠡᠳ ᠤᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠳᠠᠭᠠᠵᠤ᠂ ᠲᠣᠭᠤᠷᠢᠭ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ︽ᠬᠤᠲᠣᠩ ᠠᠷᠠᠳ ᠤᠨ ᠲᠣᠭᠤᠷᠢᠭ ᠤᠨ ᠪᠦᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠥᠯ︾ ᠢ | ᠳᠠᠷᠤᠮᠠᠯᠯᠠᠨ ᠲᠠᠷᠬᠠᠭᠠᠪᠠ᠃ | ᠬᠤᠶᠠᠷ᠂ ᠪᠣᠳᠠᠲᠤ ᠶᠠᠪᠤᠳᠠᠯ ᠤᠨ ᠦᠨᠳᠦᠰᠦᠯᠡᠯ | 1. ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠦᠷᠡᠵᠢᠯ ᠤᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ | ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ︽3 | ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ | ᠠᠯᠪᠠᠨ ᠲᠠᠷᠬᠠᠭᠠᠭᠰᠠᠨ﹇2019﹈ 15 ᠳ᠋ᠤᠭᠠᠷ ᠲᠣᠭᠠᠲᠤ︶᠂ ︽ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠥᠬᠦ ᠤᠯᠤᠰ ᠤᠨ ᠨᠢᠯᠬ᠎ᠠ ᠬᠡᠦᠬᠡᠳ ᠢ | ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠬᠦ ᠲᠤᠬᠠᠢ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠬᠥᠮᠥᠨ ᠠᠮᠠ ᠲᠠᠷᠬᠠᠭᠠᠭᠰᠠᠨ﹇2021﹈ 17 | ᠳ᠋ᠤᠭᠠᠷ ᠲᠣᠭᠠᠲᠤ︶᠂ ︽ᠬᠥᠬᠡᠬᠤᠲᠠ ᠶᠢᠨ ᠪᠥᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠤᠬᠠᠢ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ︹ 2020︺ 18 | ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠬᠤᠲᠣᠩ ᠠᠷᠠᠳ ᠤᠨ ᠲᠣᠭᠤᠷᠢᠭ ᠲᠤ | ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢᠨ ᠬᠠᠷᠠᠯᠲᠠ᠂ ᠭᠤᠣᠯ ᠡᠭᠦᠷᠭᠡ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠴᠢᠭᠯᠡᠯ ᠤᠨ | ᠵᠢᠯᠣᠭᠤᠳᠤᠯᠭ᠎ᠠ ᠪᠠ ᠴᠢᠬᠤᠯᠠ ᠯᠠᠪᠯᠠᠯᠲᠠ ᠬᠠᠩᠭᠠᠪᠠ᠃ | 2. ᠬᠥᠮᠥᠨ ᠠᠮᠠ ᠶᠢᠨ ᠬᠡᠷᠡᠭᠴᠡᠭᠡ | ᠬᠤᠲᠣᠩ ᠠᠷᠠᠳ ᠤᠨ ᠲᠣᠭᠤᠷᠢᠭ ᠤᠨ ᠬᠥᠮᠥᠨ ᠠᠮᠠ ᠶᠢᠨ ᠲᠤᠭ᠎ᠠ ᠪᠠᠷᠢᠮᠲᠠ ᠶᠢ ᠵᠠᠳᠠᠯᠬᠤ ᠪᠠ ᠪᠠᠶᠢᠴᠠᠭᠠᠨ | ᠰᠤᠳᠤᠯᠬᠤ ᠪᠠᠷ ᠳᠠᠮᠵᠢᠭᠤᠯᠤᠨ᠂ ᠣᠲᠣ ᠶᠢᠨ ᠪᠠᠶᠢᠭ᠎ᠠ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ | ᠬᠠᠷᠢᠴᠠᠩᠭᠤᠢ ᠬᠦᠷᠦᠯᠴᠡᠬᠦ ᠦᠭᠡᠢ ᠪᠠᠶᠢᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ | ᠳᠡᠶᠢᠯᠬᠦ ᠦᠭᠡᠢ ᠪᠠᠶᠢᠨ᠎ᠠ᠃ ᠡᠭᠦᠨ ᠤ ᠬᠠᠮᠲᠤ᠂ ᠭᠡᠷ ᠪᠦᠯᠢ ᠶᠢᠨ ᠪᠦᠲᠦᠴᠡ ᠶᠢᠨ ᠬᠤᠪᠢᠷᠠᠯᠲᠠ ᠪᠠ ᠬᠤᠶᠠᠷ | ᠠᠵᠢᠯᠲᠠᠨ ᠤ ᠭᠡᠷ ᠪᠦᠯᠢ ᠶᠢᠨ ᠨᠡᠮᠡᠭᠳᠡᠬᠦ ᠶᠢ ᠳᠠᠭᠠᠯᠳᠤᠨ᠂ ᠴᠢᠨᠠᠷ ᠰᠠᠶᠢᠲᠠᠢ᠂ ᠲᠤᠰᠬᠠᠶᠢᠵᠢᠭᠰᠠᠨ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠬᠡᠷᠡᠭᠴᠡᠭᠡ ᠨᠠᠩ ᠲᠤᠯᠭᠠᠮ᠎ᠠ ᠪᠣᠯᠪᠠ᠃ | 3. ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠬᠤ | ᠬᠤᠲᠣᠩ ᠠᠷᠠᠳ ᠤᠨ ᠲᠣᠭᠤᠷᠢᠭ ᠤᠨ ᠬᠢᠨ ᠪᠤᠰᠤᠳ ᠬᠤᠰᠢᠭᠤ ᠰᠢᠶᠠᠨ ᠲᠣᠭᠤᠷᠢᠭ ᠤᠨ ᠨᠢᠯᠬ᠎ᠠ ᠬᠡᠦᠬᠡᠳ ᠢ | ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠳᠤᠮᠳᠠᠬᠢ ᠠᠮᠵᠢᠯᠲᠠ ᠲᠠᠢ ᠲᠤᠷᠰᠢᠯᠭ᠎ᠠ᠂ ᠵᠢᠱᠢᠶᠡᠯᠡᠪᠡᠯ ᠲᠡᠷᠢᠭᠦᠨ ᠤ | ᠬᠠᠮᠢᠶᠠᠷᠤᠯᠲᠠ ᠶᠢᠨ ᠵᠠᠭᠪᠤᠷ᠂ ᠴᠢᠨᠠᠷ ᠰᠠᠶᠢᠲᠠᠢ ᠦᠢᠯᠡᠴᠢᠯᠡᠭᠡᠨ ᠤ ᠪᠠᠷᠢᠮᠵᠢᠶ᠎ᠠ᠂ ᠤᠯᠠᠨ ᠡᠰᠢᠴᠢᠯᠡᠭᠰᠡᠨ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠲᠦᠷᠦᠯ ᠵᠦᠢᠯ ᠵᠡᠷᠭᠡ ᠶᠢ ᠰᠤᠷᠤᠯᠴᠠᠨ ᠲᠣᠯᠢᠳᠠᠵᠤ᠂ ᠬᠤᠲᠣᠩ ᠠᠷᠠᠳ ᠤᠨ | ᠲᠣᠭᠤᠷᠢᠭ ᠤᠨ ᠬᠥᠬᠡᠬᠤᠲᠠ ᠶᠢ ᠡᠭᠦᠳᠦᠨ ᠪᠠᠶᠢᠭᠤᠯᠬᠤ ᠠᠵᠢᠯ ᠳᠤ ᠠᠰᠢᠭᠲᠠᠢ ᠯᠠᠪᠯᠠᠯᠲᠠ ᠬᠠᠩᠭᠠᠪᠠ᠃ | ᠭᠤᠷᠪᠠ᠂ ᠰᠤᠳᠤᠯᠤᠨ ᠮᠠᠭᠠᠳᠯᠠᠭᠰᠠᠨ ᠪᠤᠶᠤ ᠲᠤᠭᠤᠷᠪᠢᠭᠰᠠᠨ ᠶᠠᠪᠤᠴᠠ | 1. ᠬᠦᠢᠠᠵᠠᠭᠡᠢ ᠪᠠᠶᠢᠴᠠᠭᠠᠨ ᠰᠤᠳᠤᠯᠵᠤ ᠦᠵᠡᠪᠡ | ᠬᠤᠲᠣᠩ ᠠᠷᠠᠳ ᠤᠨ ᠲᠣᠭᠤᠷᠢᠭ ᠤᠨ ᠬᠢᠨ ᠲᠤᠰ ᠬᠠᠷᠢᠶ᠎ᠠ ᠣᠷᠣᠨ ᠤ ᠪᠠᠨ ᠨᠢᠯᠬ᠎ᠠ ᠬᠡᠦᠬᠡᠳ ᠢ ᠠᠰᠠᠷᠠᠨ | ᠬᠠᠷᠠᠭᠠᠯᠵᠠᠬᠤ ᠦᠢᠯᠡᠴᠢᠯᠡᠭᠡᠨ ᠤ ᠣᠳᠣᠬᠢ ᠪᠠᠶᠢᠳᠠᠯ ᠢ ᠪᠦᠬᠦ ᠲᠠᠯ᠎ᠠ ᠪᠠᠷ ᠭᠦᠨᠵᠡᠭᠡᠢ ᠰᠤᠳᠤᠯᠵᠤ᠂ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠲᠤᠭ᠎ᠠ ᠬᠡᠮᠵᠢᠶ᠎ᠡ᠂ ᠲᠠᠷᠬᠠᠯᠲᠠ᠂ ᠦᠢᠯᠡᠴᠢᠯᠡᠭᠡᠨ ᠤ ᠶᠠᠰᠤ ᠴᠢᠨᠠᠷ᠂ ᠰᠦᠢᠳᠬᠡᠯ | ᠬᠤᠷᠢᠶᠠᠬᠤ ᠪᠠᠷᠢᠮᠵᠢᠶ᠎ᠠ ᠵᠡᠷᠭᠡ ᠲᠠᠯ᠎ᠠ ᠶᠢ ᠪᠠᠭᠲᠠᠭᠠᠬᠤ ᠶᠢᠨ ᠬᠠᠮᠲᠤ ᠰᠠᠭᠤᠭᠠᠯᠢ ᠠᠷᠠᠳ᠂ ᠬᠡᠦᠬᠡᠳ ᠰᠠᠭᠠᠲᠠᠭᠤᠯᠬᠤ | ᠪᠠᠶᠢᠭᠤᠯᠤᠮᠵᠢ᠂ ᠲᠤᠰᠬᠠᠢ ᠮᠡᠷᠭᠡᠵᠢᠯᠲᠡᠨ ᠵᠡᠷᠭᠡ ᠡᠯ᠎ᠡ ᠲᠠᠯ᠎ᠠ ᠶᠢᠨ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ | ᠰᠣᠨᠣᠰᠴᠤ᠂ ᠬᠡᠷᠡᠭᠵᠢᠭᠦᠯᠬᠦ ᠲᠥᠰᠥᠯ ᠢ ᠲᠤᠭᠤᠷᠪᠢᠬᠤ ᠳᠤ ᠲᠤᠭ᠎ᠠ ᠪᠠᠷᠢᠮᠲᠠ ᠪᠠ ᠮᠡᠳᠡᠭᠡ ᠵᠠᠩᠭᠢ ᠶᠢᠨ ᠳᠡᠮᠵᠢᠯᠭᠡ | ᠬᠠᠩᠭᠠᠪᠠ᠃ | 2. ᠡᠬᠡ ᠪᠢᠴᠢᠭ ᠲᠤᠭᠤᠷᠪᠢᠬᠤ | ᠭᠦᠢᠴᠡᠳ ᠪᠠᠶᠢᠴᠠᠭᠠᠨ ᠰᠤᠳᠤᠯᠤᠯᠲᠠ ᠪᠠ ᠵᠠᠳᠠᠯᠤᠯᠲᠠ ᠬᠢᠭᠰᠡᠨ ᠰᠠᠭᠤᠷᠢᠨ ᠳᠡᠭᠡᠷ᠎ᠡ᠂ ᠤᠯᠤᠰ᠂ ᠥᠪᠡᠷᠲᠡᠭᠡᠨ | ᠵᠠᠰᠠᠬᠤ ᠣᠷᠣᠨ᠂ ᠬᠥᠬᠡᠬᠤᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠬᠤᠲᠣᠩ ᠠᠷᠠᠳ ᠤᠨ | ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠤᠲᠣᠩ ᠠᠷᠠᠳ ᠤᠨ ᠲᠣᠭᠤᠷᠢᠭ ᠤᠨ ᠪᠥᠬᠦ | ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠡᠬᠡ ᠨᠣᠣᠷᠠᠭ ᠢ ᠲᠤᠭᠤᠷᠪᠢᠪᠠ᠃ ᠠᠩᠬ᠎ᠠ ᠡᠬᠡ | ᠨᠣᠣᠷᠠᠭ ᠲᠤ ᠡᠭᠦᠳᠦᠨ ᠪᠠᠶᠢᠭᠤᠯᠬᠤ ᠬᠠᠷᠠᠯᠲᠠ᠂ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ ᠪᠠᠲᠤᠯᠠᠭ᠎ᠠ ᠶᠢᠨ | ᠲᠣᠭᠲᠠᠴᠠ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | 3. ᠰᠠᠨᠠᠯ ᠬᠤᠷᠢᠶᠠᠬᠤ ᠪᠠ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠨ᠎ᠡ | ᠠᠩᠬᠠᠨ ᠤ ᠡᠬᠡ ᠨᠣᠣᠷᠠᠭ ᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠠᠨᠠᠯ ᠬᠤᠷᠢᠶᠠᠵᠤ᠂ ᠬᠠᠷᠢᠭᠤ | ᠲᠤᠰᠬᠠᠭᠰᠠᠨ ᠰᠠᠨᠠᠯ ᠢ ᠦᠨᠳᠦᠰᠦᠯᠡᠨ ᠡᠬᠡ ᠨᠣᠣᠷᠠᠭ ᠲᠤ ᠳᠠᠬᠢᠨ ᠳᠠᠪᠲᠠᠨ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠬᠡᠷᠡᠭᠵᠢᠭᠦᠯᠬᠦ ᠲᠥᠰᠥᠯ ᠳᠤ ᠰᠢᠨᠵᠢᠯᠡᠬᠦ ᠤᠬᠠᠭᠠᠨᠴᠢ ᠴᠢᠨᠠᠷ᠂ ᠪᠣᠯᠣᠮᠵᠢᠲᠤ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠶᠢ ᠦᠨᠡᠨᠬᠦ ᠪᠠᠲᠤᠯᠠᠪᠠ᠃ | ᠳᠥᠷᠪᠡ᠂ ᠪᠢᠴᠢᠭ ᠮᠠᠲ᠋ᠧᠷᠢᠶᠠᠯ ᠤᠨ ᠭᠤᠣᠯ ᠪᠣᠷᠣ ᠲᠥᠯᠥᠪ ᠤᠨ ᠠᠭᠤᠯᠭ᠎ᠠ | 1. ᠬᠠᠷᠠᠯᠲᠠ ᠶᠢᠨ ᠡᠭᠦᠷᠭᠡ | ᠬᠤᠲᠣᠩ ᠠᠷᠠᠳ ᠤᠨ ᠲᠣᠭᠤᠷᠢᠭ ᠤᠨ ᠬᠥᠬᠡᠬᠤᠲᠠ ᠳᠤ ᠪᠦᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠡᠭᠦᠷᠭᠡ ᠳᠠᠬᠢ ᠶᠡᠷᠦᠩᠬᠡᠢ | ᠬᠠᠷᠠᠯᠲᠠ ᠪᠣᠯᠣᠨ ᠪᠣᠳᠠᠲᠠᠢ ᠡᠭᠦᠷᠭᠡ ᠶᠢ ᠲᠣᠳᠣᠷᠬᠠᠶᠢᠯᠠᠨ᠎ᠠ᠃ ᠶᠡᠷᠦᠩᠬᠡᠢ ᠬᠠᠷᠠᠯᠲᠠ ᠨᠢ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠬᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ | ᠵᠡᠷᠭᠡ ᠶᠢ ᠪᠠᠭᠲᠠᠭᠠᠨ᠎ᠠ᠃ ᠪᠣᠳᠠᠲᠠᠢ ᠡᠭᠦᠷᠭᠡ ᠨᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ | ᠨᠡᠮᠡᠭᠳᠡᠭᠦᠯᠬᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠬᠤ᠂ | ᠲᠤᠰᠬᠠᠢ ᠮᠡᠷᠭᠡᠵᠢᠯ ᠤᠨ ᠬᠡᠦᠬᠡᠳ ᠰᠠᠭᠠᠲᠠᠭᠤᠯᠬᠤ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠪᠠᠭᠲᠠᠨ᠎ᠠ᠃ | 2. ᠠᠵᠢᠯ ᠤᠨ ᠠᠷᠭ᠎ᠠ ᠬᠡᠮᠵᠢᠶ᠎ᠡ | ︵1︶ᠭᠦᠢᠴᠡᠳᠬᠡᠯ ᠲᠤᠭ᠎ᠠ ᠶᠢᠨ ᠡᠭᠦᠷᠭᠡ ᠶᠢ ᠨᠠᠷᠢᠯᠢᠭᠵᠢᠭᠤᠯᠤᠨ᠎ᠠ᠃ ᠴᠠᠭ ᠤᠨ ᠠᠬᠢᠴᠠ ᠪᠠᠷ ᠪᠠᠶᠢᠷᠢᠰᠢᠯ ᠤᠨ | ᠠᠬᠢᠴᠠ ᠪᠠᠷ ᠲᠦ᠋ᠰᠢᠭᠯᠡᠬᠦ ᠭᠦᠶ᠋ᠴᠡᠳᠬᠡᠯ ᠲᠤᠬ᠎ᠠ᠃ ︽ᠨᠡᠶᠢᠭᠡᠮ ᠲᠣᠭᠤᠷᠢᠭ ᠤᠨ ᠲᠦᠭᠡᠮᠡᠯ ᠬᠠᠷᠠᠭᠠᠯᠵᠠᠯ ᠦᠵᠡᠭᠦᠯᠬᠦ︾ | ︽ᠬᠡᠦᠬᠡᠳ ᠤᠨ ᠴᠡᠴᠡᠷᠯᠢᠭ ᠤᠨ ᠠᠯᠪᠠᠨ ᠭᠡᠷ︾᠂︽ᠬᠥᠮᠥᠨ ᠬᠡᠷᠡᠭᠯᠡᠬᠦ ᠨᠢᠭᠡᠴᠡ ᠶᠢᠨ ᠨᠠᠶᠢᠳᠠᠯᠭ᠎ᠠ ᠶᠢᠨ ᠠᠯᠪᠠᠨ ᠭᠡᠷ︾ | ᠵᠡᠷᠭᠡ ᠠᠳᠠᠯᠢ ᠪᠤᠰᠤ ᠬᠡᠪ ᠵᠠᠭᠪᠤᠷ᠂ ᠡᠷᠬᠢᠯᠡᠨ ᠬᠢᠬᠦ ᠭᠤᠣᠯ ᠴᠣᠭᠴᠠ ᠶᠢᠨ ᠰᠢᠨ᠎ᠡ ᠪᠠᠷ ᠨᠡᠮᠡᠭᠳᠡᠬᠦ ᠣᠷᠣᠨ ᠪᠠᠶᠢᠷᠢ ᠶᠢᠨ | ᠭᠦᠢᠴᠡᠳᠬᠡᠬᠦ ᠲᠤᠭ᠎ᠠ ᠶᠢᠨ ᠡᠭᠦᠷᠭᠡ ᠶᠢ ᠶᠡᠬᠡᠪᠡᠷ ᠬᠥᠭᠵᠢᠭᠦᠯᠬᠦ ᠬᠡᠷᠡᠭᠲᠡᠢ᠃ | ︵2︶ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠭᠠᠵᠠᠷ ᠰᠢᠷᠣᠢ᠂ | ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠲᠥᠷᠥ ᠶᠢᠨ | ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠤ ᠬᠡᠦᠬᠡᠳ ᠰᠠᠭᠠᠲᠠᠭᠤᠯᠬᠤ ᠪᠠᠶᠢᠭᠤᠯᠤᠮᠵᠢ | ᠡᠷᠬᠢᠯᠡᠬᠦ ᠶᠢ ᠵᠣᠷᠢᠭᠵᠢᠭᠤᠯᠬᠤ ᠬᠡᠷᠡᠭᠲᠡᠢ᠃ | ︵3︶ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ᠂ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠵᠤ᠂ | ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠠᠮᠤᠷ ᠲᠦᠪᠰᠢᠨ᠂ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠨ᠎ᠠ᠃ | ︵4︶ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ | ᠣᠷᠣᠯᠴᠠᠬᠤ︾ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠬᠦ ᠶᠢ ᠲᠣᠳᠣᠷᠬᠠᠶᠢᠯᠠᠨ᠎ᠠ᠃ ᠲᠣᠭᠤᠷᠢᠭ᠂ ᠵᠡᠭᠡᠯᠢ ᠭᠤᠳᠤᠮᠵᠢ ᠶᠢᠨ ᠬᠤᠶᠠᠳᠤᠭᠠᠷ ᠳᠡᠰ ᠤᠨ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠯᠢᠭᠵᠢᠭᠤᠯᠤᠨ᠎ᠠ᠃ | ᠡᠳ᠋ ᠤᠨ ᠵᠠᠰᠠᠭ ᠤᠨ ᠳᠡᠮᠵᠢᠯᠭᠡ ᠶᠢ ᠴᠢᠩᠭᠠᠳᠬᠠᠵᠤ᠃ ᠨᠥᠬᠦᠴᠡᠯ ᠳᠤ ᠨᠡᠶᠢᠴᠡᠬᠦ ᠲᠦᠭᠡᠮᠡᠯ ᠬᠠᠷᠠᠭᠠᠯᠵᠠᠯᠲᠤ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠱᠠᠩᠨᠠᠯ ᠨᠥᠬᠦᠪᠦᠷᠢ ᠶᠢ ᠬᠠᠶᠢᠨ ᠰᠦᠪᠡᠭᠴᠢᠯᠡᠨ᠎ᠡ᠃ | ︵5︶ᠨᠠᠶᠢᠳᠠᠨ ᠬᠥᠮᠥᠵᠢᠭᠦᠯᠬᠦ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠬᠡᠦᠬᠡᠳ ᠰᠠᠭᠠᠲᠠᠭᠤᠯᠬᠤ | ᠴᠢᠳᠠᠪᠤᠷᠢᠲᠠᠨ ᠢ ᠪᠣᠯᠪᠠᠰᠤᠷᠠᠭᠤᠯᠬᠤ ᠰᠢᠰᠲ᠋ᠧᠮᠵᠢ ᠶᠢ ᠪᠠᠶᠢᠭᠤᠯᠵᠤ᠂ ᠠᠵᠢᠯ ᠡᠷᠬᠢᠯᠡᠭᠴᠢᠳ ᠤᠨ ᠲᠤᠰᠬᠠᠢ ᠮᠡᠷᠭᠡᠵᠢᠯ ᠤᠨ | ᠮᠡᠳᠡᠯᠭᠡ ᠪᠣᠯᠪᠠᠰᠤᠷᠠᠯ ᠪᠣᠯᠣᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | 3. ᠬᠠᠷᠢᠭᠤᠴᠠᠯᠭ᠎ᠠ ᠶᠢᠨ ᠬᠤᠪᠢᠶᠠᠷᠢᠯᠠᠯ | ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ | ᠡᠭᠦᠷᠭᠡ ᠶᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ | ᠲᠣᠰ ᠤᠨ ᠡᠭᠦᠷᠭᠡ ᠪᠠᠨ ᠡᠮᠬᠢᠯᠡᠨ ᠲᠢᠭᠯᠡᠵᠦ᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ | ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | 4. ᠬᠢᠨᠠᠯᠲᠠ ᠲᠠᠯᠪᠢᠨ ᠦᠨᠡᠯᠡᠨ ᠵᠢᠱᠢᠬᠦ | ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠭᠦᠳᠦᠨ ᠪᠠᠶᠢᠭᠤᠯᠬᠤ | ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠦᠨᠡᠯᠡᠨ ᠵᠢᠱᠢᠵᠦ᠂ ᠠᠰᠠᠭᠤᠳᠠᠯ ᠢ ᠴᠠᠭ ᠲᠤᠬᠠᠢ | ᠳᠤᠨᠢ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠳᠤ ᠣᠷᠣᠯᠴᠠᠬᠤ ᠶᠢ ᠵᠣᠷᠢᠭᠵᠢᠭᠤᠯᠵᠤ᠂ ᠡᠭᠦᠳᠦᠨ | ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠠᠪᠤ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ | 1. ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠡᠦᠬᠡᠳ ᠰᠠᠭᠠᠲᠠᠭᠤᠯᠬᠤ | ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠳᠠᠮᠵᠢᠭᠤᠯᠤᠨ᠂ | ᠬᠡᠦᠬᠡᠳ ᠤᠨ ᠴᠡᠴᠡᠷᠯᠢᠭ ᠤᠨ ᠬᠡᠦᠬᠡᠳ ᠰᠠᠭᠠᠲᠠᠭᠤᠯᠬᠤ ᠠᠩᠭᠢ ᠨᠡᠭᠡᠭᠡᠬᠦ ᠶᠢ ᠵᠣᠷᠢᠭᠵᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠠᠳᠠᠯᠢ | ᠪᠤᠰᠤ ᠭᠡᠷ ᠪᠦᠯᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠠᠭᠤᠭᠠᠯᠢ ᠠᠷᠠᠳ ᠥᠪᠡᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ ᠲᠣᠬᠢᠷᠠᠮᠵᠢᠲᠠᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠰᠣᠩᠭᠤᠵᠤ᠂ ᠬᠡᠦᠬᠡᠳ | ᠪᠣᠶᠢᠵᠢᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠵᠦ ᠪᠣᠯᠣᠨ᠎ᠠ᠃ | 2. ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠪᠠ ᠵᠢᠯᠣᠭᠤᠳᠤᠯᠭ᠎ᠠ ᠶᠢ ᠴᠢᠩᠭᠠᠳᠬᠠᠵᠤ᠂ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠶᠠᠪᠤᠴᠠ ᠪᠠ ᠪᠠᠷᠢᠮᠵᠢᠶ᠎ᠠ ᠶᠢ ᠵᠢᠷᠤᠮᠵᠢᠭᠤᠯᠤᠨ᠂ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠢᠯᠬ᠎ᠠ ᠬᠡᠦᠬᠡᠳ ᠨᠢ ᠠᠮᠤᠷ ᠲᠦᠪᠰᠢᠨ᠂ ᠲᠠᠭᠠᠯᠠᠮᠵᠢᠲᠠᠢ᠂ | ᠲᠤᠰᠬᠠᠢ ᠮᠡᠷᠭᠡᠵᠢᠯ ᠤᠨ ᠣᠷᠴᠢᠨ ᠲᠣᠭᠤᠷᠢᠨ ᠳᠤ ᠦᠰᠦᠨ ᠪᠣᠶᠢᠵᠢᠵᠤ᠂ ᠪᠡᠶ᠎ᠡ ᠰᠡᠳᠬᠢᠯ ᠤᠨ ᠡᠷᠡᠭᠦᠯ ᠴᠢᠭᠢᠷᠠᠭ | ᠪᠣᠯᠣᠨ ᠪᠦᠬᠦ ᠲᠠᠯ᠎ᠠ ᠶᠢᠨ ᠬᠥᠭᠵᠢᠯᠲᠡ ᠳᠤ ᠠᠰᠢᠭ ᠲᠠᠢ ᠶᠤᠮ᠃ | 3. ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠴᠢᠩᠭ᠎ᠠ ᠲᠣᠭᠲᠠᠴᠠ ᠶᠢ | ᠪᠠᠶᠢᠭᠤᠯᠵᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠦᠨᠡᠨᠬᠦ | ᠪᠠᠲᠤᠯᠠᠨ᠎ᠠ᠃ ᠭᠡᠷ ᠤᠨ ᠠᠬᠠᠮᠠᠳ ᠬᠡᠦᠬᠡᠳ ᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠤᠰᠢᠶᠠᠵᠤ | ᠬᠤᠶᠢᠰᠢᠳᠠ ᠶᠢᠨ ᠵᠣᠪᠠᠨᠢᠯ ᠢ ᠨᠢ ᠪᠠᠭᠠᠰᠬᠠᠵᠤ ᠪᠣᠯᠣᠨ᠎ᠠ᠃ | ᠵᠢᠷᠭᠤᠭ᠎ᠠ᠂ ᠨᠡᠷ᠎ᠡ ᠦᠭᠡ ᠶᠢᠨ ᠲᠠᠶᠢᠯᠪᠤᠷᠢ | 1. ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠭᠡᠳᠡᠭ ᠨᠢ 3 ᠨᠠᠰᠤᠨ ᠠᠴᠠ ᠳᠣᠷᠣᠭᠰᠢᠬᠢ | ᠨᠢᠯᠬ᠎ᠠ ᠬᠡᠦᠬᠡᠳ ᠲᠤ ᠬᠠᠩᠭᠠᠭᠰᠠᠨ ᠬᠠᠷᠠᠭᠠᠯᠵᠠᠬᠤ᠂ ᠬᠠᠷᠠᠵᠤ ᠰᠤᠪᠢᠯᠠᠬᠤ᠂ ᠬᠤᠭᠤᠯᠠ ᠢᠳᠡᠬᠦ᠂ ᠠᠰᠠᠷᠠᠨ | ᠬᠥᠮᠥᠵᠢᠭᠦᠯᠬᠦ ᠵᠡᠷᠭᠡ ᠦᠢᠯᠡᠴᠢᠯᠡᠭᠡ ᠶᠢ ᠵᠢᠭᠠᠵᠤ ᠪᠠᠶᠢᠨ᠎ᠠ᠃ ᠲᠡᠭᠦᠨ ᠤ ᠵᠣᠷᠢᠯᠭ᠎ᠠ ᠨᠢ ᠨᠢᠯᠬ᠎ᠠ ᠬᠡᠦᠬᠡᠳ ᠤᠨ | ᠹᠢᠽᠢᠣᠯᠣᠭᠢ᠂ ᠰᠡᠳᠬᠢᠴᠡ ᠪᠠ ᠨᠡᠶᠢᠭᠡᠮ ᠤᠨ ᠬᠥᠭᠵᠢᠯ ᠤᠨ ᠬᠡᠷᠡᠭᠴᠡᠭᠡ ᠶᠢ ᠬᠠᠩᠭᠠᠵᠤ᠂ ᠨᠢᠯᠬ᠎ᠠ ᠬᠡᠦᠬᠡᠳ ᠤᠨ | ᠡᠷᠡᠭᠦᠯ ᠢᠶᠠᠷ ᠥᠰᠦᠨ ᠪᠣᠶᠢᠵᠢᠬᠤ ᠶᠢ ᠠᠬᠢᠭᠤᠯᠬᠤ ᠶᠠᠪᠤᠳᠠᠯ ᠪᠣᠯᠣᠨ᠎ᠠ᠃ | 2. ᠬᠡᠦᠬᠡᠳ ᠰᠠᠭᠠᠲᠠᠭᠤᠯᠬᠤ ᠪᠠᠶᠢᠭᠤᠯᠤᠮᠵᠢ ᠠᠴᠠ᠄ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ | ᠪᠦᠬᠦᠯᠢ ᠡᠳᠦᠷ ᠤᠨ ᠬᠡᠦᠬᠡᠳ ᠰᠠᠭᠠᠲᠠᠭᠤᠯᠬᠤ᠂ ᠬᠠᠭᠠᠰ ᠡᠳᠦᠷ ᠠᠴᠠ ᠳᠣᠷᠣᠭᠰᠢᠬᠢ ᠬᠡᠦᠬᠡᠳ ᠰᠠᠭᠠᠲᠠᠭᠤᠯᠬᠤ | ᠦᠢᠯᠡᠴᠢᠯᠡᠭᠡ ᠬᠠᠩᠭᠠᠬᠤ ᠪᠠᠶᠢᠭᠤᠯᠤᠮᠵᠢ ᠶᠢ ᠵᠢᠭᠠᠵᠤ ᠪᠤᠶ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠨᠢ ᠵᠣᠬᠢᠬᠤ | ᠲᠠᠯᠠᠪᠤᠷ ᠭᠠᠵᠠᠷ᠂ ᠪᠡᠯᠡᠳᠬᠡᠮᠵᠢ᠂ ᠠᠵᠢᠯᠲᠠᠨ ᠪᠠ ᠬᠠᠮᠢᠶᠠᠷᠤᠯᠲᠠ ᠶᠢᠨ ᠳᠦᠷᠢᠮ ᠢ ᠪᠦᠷᠢᠯᠳᠦᠭᠦᠯᠵᠦ᠂ ᠨᠢᠯᠬ᠎ᠠ | ᠬᠡᠦᠬᠡᠳ ᠲᠤ ᠠᠮᠤᠷ ᠲᠦᠪᠰᠢᠨ᠂ ᠡᠷᠡᠭᠦᠯ᠂ ᠲᠠᠭᠠᠯᠠᠮᠵᠢᠲᠠᠢ ᠬᠡᠦᠬᠡᠳ ᠰᠠᠭᠠᠲᠠᠭᠤᠯᠬᠤ ᠣᠷᠴᠢᠨ ᠲᠣᠭᠤᠷᠢᠨ ᠢ | ᠬᠠᠩᠭᠠᠬᠤ ᠬᠡᠷᠡᠭᠲᠡᠢ᠃ | 3. ᠬᠡᠦᠬᠡᠳ ᠰᠠᠭᠠᠲᠠᠭᠤᠯᠬᠤ ᠶᠢ ᠨᠢᠭᠡ ᠴᠣᠭᠴᠠᠵᠢᠭᠤᠯᠬᠤ᠄ ᠬᠡᠦᠬᠡᠳ ᠰᠠᠭᠠᠲᠠᠭᠤᠯᠬᠤ ᠭᠠᠵᠠᠷ ᠪᠠ | ᠬᠡᠦᠬᠡᠳ ᠤᠨ ᠴᠡᠴᠡᠷᠯᠢᠭ ᠤᠨ ᠴᠢᠳᠠᠮᠵᠢ ᠶᠢ ᠡᠮᠬᠢᠯᠡᠨ ᠨᠡᠶᠢᠯᠡᠭᠦᠯᠵᠦ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠪᠠ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠢᠭᠡᠳᠦᠯᠲᠡᠢ ᠦᠢᠯᠡᠴᠢᠯᠡᠭᠡᠨ ᠤ ᠰᠢᠰᠲ᠋ᠧᠮ ᠢ ᠪᠣᠶ | ᠪᠣᠯᠭᠠᠬᠤ ᠶᠢ ᠵᠢᠭᠠᠵᠤ ᠪᠣᠶ᠃ ᠬᠡᠦᠬᠡᠳ ᠰᠠᠭᠠᠲᠠᠭᠤᠯᠬᠤ ᠶᠢ ᠨᠢᠭᠡ ᠴᠣᠭᠴᠠᠵᠢᠭᠤᠯᠤᠭᠰᠠᠨ ᠵᠠᠭᠪᠤᠷ ᠳᠣᠣᠷ᠎ᠠ᠂ | ᠪᠠᠶᠢᠭᠤᠯᠤᠮᠵᠢ ᠨᠢ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ ᠬᠡᠦᠬᠡᠳ ᠰᠠᠭᠠᠲᠠᠭᠤᠯᠬᠤ ᠦᠢᠯᠡᠴᠢᠯᠡᠭᠡ | ᠬᠠᠩᠭᠠᠵᠤ ᠪᠠᠶᠢᠬᠤ ᠪᠠᠷ ᠪᠠᠷᠠᠬᠤ ᠦᠭᠡᠢ᠂ ᠡᠭᠦᠨ ᠳᠤ ᠬᠠᠷᠠᠭᠠᠯᠵᠠᠬᠤ᠂ ᠬᠠᠷᠠᠵᠤ ᠰᠤᠪᠢᠯᠠᠬᠤ᠂ ᠬᠤᠭᠤᠯᠠ ᠤᠮᠳᠠ᠂ | ᠠᠩᠬᠠᠨ ᠤ ᠰᠡᠩᠬᠡᠷᠡᠭᠦᠯᠦᠯ ᠵᠡᠷᠭᠡ ᠶᠢ ᠪᠠᠭᠲᠠᠭᠠᠨ᠎ᠠ︔ ᠡᠭᠦᠨ ᠤ ᠬᠠᠮᠲᠤ ᠪᠠᠰᠠ 3 ᠨᠠᠰᠤ ᠵᠢᠴᠢ ᠲᠡᠭᠦᠨ ᠠᠴᠠ | ᠳᠡᠭᠡᠭᠰᠢᠬᠢ ᠬᠡᠦᠬᠡᠳ ᠲᠤ ᠬᠡᠦᠬᠡᠳ ᠤᠨ ᠴᠡᠴᠡᠷᠯᠢᠭ ᠤᠨ ᠱᠠᠲᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠬᠠᠩᠭᠠᠨ᠎ᠠ᠃ ᠡᠨᠡᠬᠦ ᠬᠡᠪ ᠵᠠᠭᠪᠤᠷ ᠨᠢ ᠭᠡᠷ ᠪᠦᠯᠢ ᠳᠤ ᠨᠡᠩ ᠠᠪᠴᠠᠯᠳᠤᠩᠭᠤᠢ᠂ ᠳᠥᠭᠦᠮ ᠳᠥᠲᠡ ᠨᠢᠯᠬ᠎ᠠ | ᠬᠡᠦᠬᠡᠳ ᠢ ᠬᠠᠷᠠᠭᠠᠯᠵᠠᠨ ᠠᠰᠠᠷᠠᠬᠤ ᠪᠠ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠵᠤ᠂ ᠭᠡᠷ ᠤᠨ ᠠᠬᠠᠮᠠᠳ ᠤᠨ | ᠬᠡᠦᠬᠡᠳ ᠤᠨ ᠠᠳᠠᠯᠢ ᠪᠤᠰᠤ ᠦᠰᠦᠨ ᠪᠤᠶᠢᠵᠢᠯᠲᠠ ᠶᠢᠨ ᠱᠠᠲᠤᠨ ᠳᠤ ᠠᠳᠠᠯᠢ ᠪᠤᠰᠤ ᠪᠠᠶᠢᠭᠤᠯᠤᠮᠵᠢ ᠶᠢ | ᠰᠣᠩᠭᠤᠬᠤ ᠶᠢᠨ ᠲᠥᠯᠥᠭᠡ ᠡᠭᠦᠰᠦᠭᠰᠡᠨ ᠬᠦᠴᠢᠷᠳᠡᠯ ᠢ ᠪᠠᠭᠠᠰᠬᠠᠬᠤ ᠶᠢᠨ ᠲᠥᠯᠥᠭᠡ ᠪᠥᠭᠡᠳ ᠡᠬᠢ ᠪᠠᠶᠠᠯᠢᠭ ᠢ | ᠰᠢᠯᠢᠳᠡᠭᠵᠢᠭᠦᠯᠦᠨ ᠨᠡᠶᠢᠯᠡᠭᠦᠯᠬᠦ ᠪᠠ ᠰᠤᠷᠭᠠᠨ ᠬᠥᠮᠦᠵᠢᠯ ᠤᠨ ᠬᠤᠯᠪᠣᠯᠳᠤᠬᠤ ᠴᠢᠨᠠᠷᠲᠠᠢ ᠬᠥᠭᠵᠢᠯᠲᠡ ᠳᠤ ᠠᠰᠢᠭᠲᠠᠢ | ᠪᠣᠯᠭᠠᠬᠤ ᠶᠢᠨ ᠲᠥᠯᠥᠭᠡ ᠶᠤᠮ᠃ | 4. ᠪᠥᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ | ᠬᠤᠲᠠ᠄ ᠬᠤᠲᠠ ᠶᠢᠨ ᠪᠦᠬᠦᠯᠢ ᠴᠣᠭᠴᠠ ᠶᠢᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠦᠢᠯᠡᠴᠢᠯᠡᠭᠡ | ᠬᠠᠩᠭᠠᠯᠭ᠎ᠠ᠂ ᠶᠠᠰᠤ ᠴᠢᠨᠠᠷ ᠢ ᠳᠡᠭᠡᠭᠰᠢᠯᠡᠭᠦᠯᠬᠦ᠂ ᠵᠢᠷᠤᠮᠵᠢᠭᠤᠯᠤᠨ ᠬᠠᠮᠢᠶᠠᠷᠬᠤ ᠵᠡᠷᠭᠡ ᠲᠠᠯ᠎ᠠ ᠪᠠᠷ ᠢᠳᠡᠪᠬᠢᠲᠡᠢ ᠪᠠᠷ | ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ | ᠪᠠᠳᠠᠷᠠᠭᠤᠯᠤᠨ᠂ ᠪᠤᠰᠤᠳ ᠬᠤᠲᠠ ᠳᠤ ᠲᠣᠯᠢᠯᠠᠵᠤ ᠪᠣᠯᠬᠤ ᠲᠤᠷᠰᠢᠯᠭ᠎ᠠ ᠪᠠ ᠵᠠᠭᠪᠤᠷ ᠢ ᠬᠠᠩᠭᠠᠨ᠎ᠠ᠃ ᠡᠭᠦᠳᠦᠨ | ᠪᠠᠶᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠣᠷᠣᠭᠤᠯᠤᠯᠲᠠ ᠪᠠ ᠪᠦᠲᠦᠭᠡᠨ ᠪᠠᠶᠢᠭᠤᠯᠤᠯᠲᠠ ᠶᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ | ᠦᠢᠯᠡᠴᠢᠯᠡᠭᠡᠨ ᠤ ᠶᠠᠰᠤ ᠴᠢᠨᠠᠷ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠭᠡᠷ ᠪᠦᠯᠢ ᠶᠢᠨ ᠨᠢᠯᠬ᠎ᠠ ᠬᠡᠦᠬᠡᠳ ᠢ | ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ |