ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠪᠦᠭᠦ ᠤᠯᠤᠰ ᠲᠤ ᠪᠦᠷᠬᠦᠭᠦᠯᠦᠨ᠎ᠡ
ᠨᠡᠶᠢᠲᠡᠯᠡᠭᠰᠡᠨ ᠴᠠᠭ᠄
2024/5/24
5.24       ᠡᠳ᠋ ᠤᠨ ᠵᠠᠰᠠᠭ ᠤᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 21 ᠤ ᠡᠳᠦᠷ ᠮᠡᠳᠡᠭᠳᠡᠯ ᠨᠡᠶᠢᠲᠡᠯᠡᠵᠦ᠂ 2024 ᠣᠨ ᠠᠴᠠ ᠡᠬᠢᠯᠡᠨ᠂ ᠲᠤᠲᠤᠷᠭ᠎ᠠ᠂ ᠪᠤᠭᠤᠳᠠᠢ᠂ ᠡᠷᠳᠡᠨᠢ ᠰᠢᠰᠢ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠦᠭᠦ ᠤᠯᠤᠰ ᠲᠤ ᠪᠦᠭᠦ ᠲᠠᠯ᠎ᠠ ᠪᠠᠷ ᠬᠡᠷᠡᠭᠵᠢᠭᠦᠯᠦᠨ᠎ᠡ ᠭᠡᠪᠡ᠃      ᠮᠡᠳᠡᠭᠳᠡᠯ ᠢ ᠦᠨᠳᠦᠰᠦᠯᠡᠪᠡᠯ᠂ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠣᠯ ᠳᠠᠭᠠᠳᠬᠠᠯ ᠤᠨ ᠵᠣᠭᠤᠰ ᠤᠨ ᠲᠤᠭ᠎ᠠ ᠨᠢ ᠪᠣᠳᠠᠰᠵᠢᠭᠰᠠᠨ ᠥᠪᠡᠷ ᠤᠨ ᠥᠷᠲᠡᠭ᠂ ᠭᠠᠵᠠᠷ ᠰᠢᠷᠣᠢ ᠶᠢᠨ ᠥᠪᠡᠷ ᠤᠨ ᠥᠷᠲᠡᠭ ᠪᠠ ᠬᠥᠮᠥᠨ ᠤ ᠬᠦᠴᠦᠨ ᠤ ᠥᠪᠡᠷ ᠤᠨ ᠥᠷᠲᠡᠭ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠶᠡᠷᠦᠩᠬᠡᠢ ᠥᠪᠡᠷ ᠤᠨ ᠥᠷᠲᠡᠭ ᠢ ᠬᠠᠮᠤᠷᠤᠭᠰᠠᠨ ᠲᠠᠷᠢᠶᠠᠯᠠᠩ ᠤᠨ ᠳᠠᠭᠠᠳᠬᠠᠯ ᠪᠤᠯᠤᠨ᠎ᠠ; ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠪᠣᠯ ᠳᠠᠭᠠᠳᠬᠠᠯ ᠤᠨ ᠵᠣᠭᠤᠰ ᠤᠨ ᠲᠤᠭ᠎ᠠ ᠨᠢ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠪᠣᠯᠣᠨ ᠤᠨᠠᠯᠲᠠ ᠶᠢ ᠢᠯᠡᠷᠡᠭᠦᠯᠵᠦ᠂ ᠪᠠᠲᠤᠯᠠᠭ᠎ᠠ ᠶᠢᠨ ᠬᠡᠮᠵᠢᠶ᠎ᠡ ᠨᠢ ᠬᠠᠮᠢᠶ᠎ᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ ᠣᠷᠣᠯᠭ᠎ᠠ ᠶᠢ ᠬᠠᠮᠤᠷᠤᠭᠰᠠᠨ ᠲᠠᠷᠢᠶᠠᠯᠠᠩ ᠤᠨ ᠳᠠᠭᠠᠳᠬᠠᠯ ᠪᠣᠯᠣᠨ᠎ᠠ᠃ ᠳᠠᠭᠠᠳᠬᠠᠯ ᠤᠨ ᠪᠠᠲᠤᠯᠠᠭ᠎ᠠ ᠶᠢᠨ ᠡᠲᠡᠭᠡᠳ ᠲᠤ ᠵᠣᠬᠢᠬᠤ ᠬᠡᠪᠴᠢᠶᠡᠲᠦ ᠡᠵᠡᠩᠨᠡᠯᠲᠡ ᠶᠢᠨ ᠲᠠᠷᠢᠶᠠᠴᠢᠨ ᠡᠷᠦᠭᠡ᠂ ᠵᠢᠵᠢᠭ ᠲᠠᠷᠢᠶᠠᠴᠢᠨ ᠡᠷᠦᠭᠡ ᠵᠡᠷᠭᠡ ᠪᠦᠭᠦ ᠲᠠᠷᠢᠶᠠᠴᠢᠨ ᠡᠷᠦᠭᠡ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠭᠲᠠᠨ᠎ᠠ᠃      ᠨᠥᠬᠦᠪᠦᠷᠢ ᠥᠭᠬᠦ ᠲᠥᠰᠥᠯ ᠤᠨ ᠲᠠᠯ᠎ᠠ ᠪᠠᠷ᠂ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠵᠠᠷᠤᠳᠠᠯ ᠳᠤ ᠨᠥᠬᠦᠪᠦᠷᠢ ᠥᠭᠬᠦ ᠬᠠᠷᠢᠴᠠᠯ ᠢ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠳᠠᠭᠠᠳᠬᠠᠯ ᠤᠨ ᠵᠠᠷᠤᠳᠠᠯ ᠤᠨ 25% ᠠᠴᠠ ᠳᠣᠣᠷ᠎ᠠ ᠪᠠᠶᠢᠯᠭᠠᠬᠤ ᠦᠭᠡᠢ ᠰᠠᠭᠤᠷᠢᠨ ᠳᠡᠭᠡᠷ᠎ᠡ᠂ ᠲᠥᠪ ᠤᠨ ᠡᠳ᠋ ᠤᠨ ᠵᠠᠰᠠᠭ ᠠᠴᠠ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠪᠠ ᠵᠡᠭᠦᠨ ᠬᠤᠶᠢᠲᠤ ᠣᠷᠣᠨ ᠳᠤ 45% ᠶᠢᠨ ᠨᠥᠬᠦᠪᠦᠷᠢ ᠥᠭᠴᠦ᠂ ᠵᠡᠭᠦᠨ ᠬᠡᠰᠡᠭ ᠤᠨ ᠭᠠᠵᠠᠷ ᠣᠷᠣᠨ ᠳᠤ 35% ᠶᠢᠨ ᠨᠥᠬᠦᠪᠦᠷᠢ ᠥᠭᠭᠦᠨ᠎ᠡ᠃ ᠬᠠᠮᠢᠶ᠎ᠠ ᠪᠦᠬᠦᠢ ᠲᠥᠪ ᠤᠨ ᠨᠢᠭᠡᠴᠢ ᠳᠠᠭᠠᠳᠬᠠᠯ ᠤᠨ ᠵᠠᠷᠤᠳᠠᠯ ᠢ 10% ᠠᠴᠠ ᠳᠣᠣᠷ᠎ᠠ ᠦᠭᠡᠢ ᠪᠠᠶᠢᠬᠤ ᠡᠭᠦᠷᠭᠡ ᠶᠢ ᠡᠭᠦᠷᠭᠡᠯᠡᠭᠰᠡᠨ ᠰᠠᠭᠤᠷᠢᠨ ᠳᠡᠭᠡᠷ᠎ᠡ᠂ ᠲᠥᠪ ᠤᠨ ᠡᠳ᠋ ᠤᠨ ᠵᠠᠰᠠᠭ ᠠᠴᠠ ᠬᠠᠮᠢᠶ᠎ᠠ ᠪᠦᠬᠦᠢ ᠲᠥᠪ ᠤᠨ ᠨᠢᠭᠡᠴᠢ ᠶᠢᠨ ᠳᠠᠭᠠᠳᠬᠠᠯ ᠤᠨ ᠵᠠᠷᠤᠳᠠᠯ ᠳᠤ ᠨᠥᠬᠦᠪᠦᠷᠢ ᠥᠭᠬᠦ ᠳᠤ ᠲᠠᠷᠢᠮᠠᠯ ᠤᠨ ᠲᠤᠬᠠᠶᠢᠯᠠᠭᠰᠠᠨ ᠠᠵᠢᠯ ᠤᠨ ᠪᠠᠶᠢᠭ᠎ᠠ ᠭᠠᠵᠠᠷ ᠤᠨ ᠨᠥᠬᠦᠪᠦᠷᠢ ᠶᠢᠨ ᠬᠠᠷᠢᠴᠠᠯ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号