ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ  ᠰᠢᠷᠠᠯᠵᠢ ᠡᠪᠡᠰᠦ ᠬᠤᠭ ᠨᠣᠪᠰᠢ ᠶᠢ ᠴᠡᠪᠡᠷᠯᠡᠨ ᠠᠷᠢᠯᠭᠠᠬᠤ ᠠᠯᠪᠠᠨ ᠵᠢᠷᠤᠮ ᠤᠨ ᠬᠥᠳᠡᠯᠮᠦᠷᠢ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/27
      ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠷᠠᠯᠵᠢ ᠡᠪᠡᠰᠦᠨ ᠤ ᠤᠷᠭᠤᠯᠲᠠ ᠶᠢ ᠪᠦᠲᠦᠮᠵᠢᠲᠡᠢ ᠬᠤᠷᠢᠭᠯᠠᠬᠤ ᠶᠢᠨ ᠲᠥᠯᠥᠭᠡ᠂ ᠬᠠᠷᠰᠢᠮᠠᠲᠠᠭᠠᠢ ᠡᠬᠢ ᠰᠤᠷᠪᠤᠯᠵᠢ ᠶᠢ ᠴᠢᠨᠠᠭᠰᠢᠳᠠ ᠰᠡᠷᠭᠡᠶᠢᠯᠡᠵᠦ᠂ ᠰᠢᠷᠠᠯᠵᠢ ᠡᠪᠡᠰᠦ ᠠᠴᠠ ᠡᠭᠦᠰᠦᠭᠰᠡᠨ ᠬᠠᠷᠰᠢᠮᠠᠲᠠᠭᠠᠢ ᠡᠬᠢ ᠰᠤᠷᠪᠤᠯᠵᠢ ᠶᠢ ᠪᠠᠭᠠᠰᠬᠠᠵᠤ᠂ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ 5 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ  ᠰᠢᠷᠠᠯᠵᠢ ᠡᠪᠡᠰᠦ ᠬᠤᠭ ᠨᠣᠪᠰᠢ ᠶᠢ ᠴᠡᠪᠡᠷᠯᠡᠨ ᠠᠷᠢᠯᠭᠠᠬᠤ ᠠᠯᠪᠠᠨ ᠵᠢᠷᠤᠮ ᠤᠨ ᠬᠥᠳᠡᠯᠮᠦᠷᠢ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃
     ᠵᠢᠯ ᠪᠦᠷᠢ ᠶᠢᠨ 7 ᠰᠠᠷ᠎ᠠ᠂ 8 ᠰᠠᠷ᠎ᠠ ᠪᠣᠯ ᠰᠢᠷᠠᠯᠵᠢ ᠶᠢᠨ ᠲᠥᠷᠥᠯ ᠤᠨ ᠤᠷᠭᠤᠮᠠᠯ ᠤᠨ ᠴᠡᠴᠡᠭ ᠤᠨ ᠲᠣᠭᠤᠰᠣ ᠨᠢ ᠪᠣᠯᠪᠠᠰᠤᠷᠠᠵᠤ ᠲᠠᠷᠬᠠᠬᠤ ᠣᠷᠭᠢᠯ ᠤᠨ ᠬᠤᠭᠤᠴᠠᠭ᠎ᠠ ᠪᠣᠯᠣᠨ᠎ᠠ᠂ ᠭᠡᠲᠡᠯ᠎ᠡ ᠴᠡᠴᠡᠭ ᠤᠨ ᠲᠣᠭᠤᠰᠣ ᠨᠢ ᠠᠭᠠᠷ ᠳᠣᠲᠣᠷ᠎ᠠ ᠠᠮᠠᠷᠬᠠᠨ ᠬᠥᠪᠦᠭᠴᠢ ᠪᠥᠭᠡᠮᠨᠡᠷᠡᠵᠦ᠂ ᠵᠣᠬᠢᠬᠤ ᠥᠳᠬᠡᠴᠡ ᠲᠠᠢ ᠪᠣᠯᠪᠠᠯ ᠬᠠᠷᠰᠢᠮᠠᠲᠠᠭᠠᠢ ᠡᠪᠡᠳᠴᠢᠨ ᠤ ᠢᠯᠡᠷᠡᠯ ᠭᠠᠷᠴᠤ ᠮᠡᠳᠡᠨ᠎ᠡ᠃ 6 ᠰᠠᠷ᠎ᠠ᠂ 7 ᠰᠠᠷ᠎ᠠ ᠳᠤ ᠰᠢᠷᠠᠯᠵᠢ ᠶᠢᠨ ᠡᠪᠡᠰᠦ ᠶᠢ ᠲᠣᠭᠤᠰᠣ ᠳᠠᠮᠵᠢᠭᠤᠯᠬᠤ ᠠᠴᠠ ᠡᠮᠦᠨ᠎ᠡ ᠦᠨᠳᠦᠰᠦ ᠶᠢ ᠨᠢ ᠵᠠᠯᠭᠠᠨ ᠠᠷᠢᠯᠭᠠᠵᠤ᠂ ᠴᠡᠴᠡᠭ ᠤᠨ ᠲᠣᠭᠤᠰᠣᠨ ᠤ ᠲᠠᠷᠬᠠᠯᠲᠠ ᠶᠢ ᠪᠦᠲᠦᠮᠵᠢᠲᠡᠢ ᠰᠡᠷᠭᠡᠶᠢᠯᠡᠵᠦ᠂ ᠬᠠᠷᠰᠢᠮᠠᠲᠠᠭᠠᠢ ᠶᠢᠨ ᠡᠬᠢ ᠰᠤᠷᠪᠤᠯᠵᠢ ᠶᠢ ᠠᠷᠢᠯᠭᠠᠵᠤ ᠴᠢᠳᠠᠨ᠎ᠠ᠃
     ᠡᠪᠡᠰᠦ ᠠᠷᠢᠯᠭᠠᠬᠤ ᠲᠤᠬᠠᠢ ᠶᠢᠨ ᠲᠠᠯᠠᠪᠠᠢ ᠳᠤ᠂ ᠨᠠᠮ ᠤᠨ ᠭᠡᠰᠢᠭᠦᠨ ᠺᠠᠳ᠋ᠷ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠪᠣᠷᠣᠭᠠᠨ ᠤ ᠳᠤᠮᠳᠠᠭᠤᠷ ᠪᠡᠭᠡᠯᠡᠢ ᠪᠠᠨ ᠰᠠᠶᠢᠲᠤᠷ ᠵᠡᠭᠦᠵᠦ᠂ ᠨᠢᠭᠡ ᠨᠢᠭᠡ ᠪᠠᠷ ᠢᠶᠠᠨ ᠡᠷᠴᠢ ᠵᠣᠷᠢᠭ ᠲᠡᠭᠦᠯᠳᠡᠷ ᠪᠠᠶᠢᠵᠤ᠂ ᠰᠢᠷᠠᠯᠵᠢ ᠡᠪᠡᠰᠦ ᠶᠢ ᠠᠷᠢᠯᠭᠠᠬᠤ ᠠᠵᠢᠯᠯᠠᠭ᠎ᠠ ᠳᠤ ᠦᠳᠲᠡᠷ ᠲᠦᠷᠭᠡᠨ ᠣᠷᠣᠯᠴᠠᠪᠠ᠃ ᠰᠢᠷᠠᠯᠵᠢ ᠡᠪᠡᠰᠦ ᠶᠢᠨ ᠰᠡᠷᠭᠦᠬᠦ ᠶᠢ ᠰᠡᠷᠭᠡᠶᠢᠯᠡᠬᠦ ᠶᠢᠨ ᠲᠥᠯᠥᠭᠡ᠂ ᠣᠯᠠᠨ ᠢᠶᠠᠷ ᠢᠶᠠᠨ ᠰᠢᠷᠠᠯᠵᠢ ᠡᠪᠡᠰᠦ ᠶᠢ ᠭᠠᠷᠳᠠᠵᠤ᠂ ᠪᠤᠳᠠ ᠳᠣᠲᠣᠷᠠᠬᠢ ᠰᠢᠷᠠᠯᠵᠢ ᠡᠪᠡᠰᠦ ᠶᠢ ᠨᠢᠭᠡᠳ ᠨᠢᠭᠡ ᠪᠠᠷ ᠠᠷᠢᠯᠭᠠᠪᠠ᠃ ᠬᠥᠳᠡᠯᠮᠦᠷᠢ ᠪᠠᠷ ᠳᠠᠮᠵᠢᠨ᠂ ᠵᠠᠮ ᠳᠠᠭᠠᠤ ᠶᠢᠨ ᠰᠢᠷᠠᠯᠵᠢ ᠡᠪᠡᠰᠦ ᠶᠢ ᠪᠦᠲᠦᠮᠵᠢᠲᠡᠶ ᠴᠡᠪᠡᠷᠯᠡᠵᠦ᠂ ᠡᠷᠭᠢᠨ ᠲᠣᠭᠤᠷᠢᠨ ᠤ ᠣᠷᠴᠢᠨ ᠲᠣᠭᠤᠷᠢᠨ ᠨᠠᠩ ᠴᠡᠪᠡᠷ ᠲᠡᠭᠰᠢ ᠪᠣᠯᠪᠠ᠃      ᠲᠣᠰ ᠤᠳᠠᠭᠠᠨ ᠤ ᠭᠤᠣᠯ ᠰᠡᠳᠦᠪᠲᠦ ᠠᠵᠢᠯᠯᠠᠭ᠎ᠠ ᠪᠠᠷ ᠳᠠᠮᠵᠢᠨ᠂ ᠨᠠᠮ ᠤᠨ ᠭᠡᠰᠢᠭᠦᠨ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠨᠠᠮ ᠤᠨ ᠭᠡᠰᠢᠭᠦᠨ ᠤ ᠤᠬᠠᠮᠰᠠᠷ ᠢ ᠬᠥᠭᠵᠢᠭᠡᠵᠦ᠂ ᠨᠠᠮ ᠤᠨ ᠭᠡᠰᠢᠭᠦᠨ ᠺᠠᠳ᠋ᠷ ᠤᠨ ᠡᠩᠨᠡᠭᠡ ᠶᠢᠨ ᠨᠢᠭᠲᠠᠷᠠᠯ ᠤᠨ ᠬᠦᠴᠦᠨ ᠢ ᠴᠢᠩᠭᠠᠳᠬᠠᠭᠰᠠᠨ ᠢᠶᠠᠷ ᠪᠠᠷᠠᠬᠤ ᠦᠭᠡᠢ᠂ ᠪᠠᠰᠠ ᠠᠮᠢ ᠠᠬᠤᠢ ᠣᠷᠴᠢᠨ ᠲᠣᠭᠤᠷᠢᠨ ᠢ ᠬᠠᠶᠢᠷᠠᠯᠠᠬᠤ ᠦᠵᠡᠯ ᠤᠬᠠᠮᠰᠠᠷ ᠪᠣᠯᠣᠨ ᠭᠡᠷ ᠣᠷᠣᠨ ᠢᠶᠠᠨ ᠨᠣᠭᠤᠭᠠᠷᠠᠭᠤᠯᠤᠨ ᠭᠤᠶᠣᠵᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号