ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ︿ᠳᠤᠯᠠᠭᠠᠯᠠᠭ᠎ᠠ ᠶᠢᠨ ᠢᠨᠵᠧᠨᠧᠷᠢᠩ﹀  ᠤᠨ ᠳᠤᠯᠠᠭᠠᠯᠠᠭ᠎ᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ︾ ᠤᠨ ᠳᠠᠭᠠᠭᠠᠴᠢᠯᠠᠯᠲᠠ ᠵᠠᠷᠯᠠᠬᠤ ᠣᠷᠣᠯᠠᠨ ᠬᠠᠮᠲᠤᠷᠠᠨ ᠠᠵᠢᠯᠯᠠᠬᠤ ᠨᠢᠭᠡᠴᠢ ᠶᠢᠨ ᠬᠠᠷᠢᠴᠠᠭᠤᠯᠤᠯ ᠰᠣᠩᠭᠤᠭᠤᠯᠢ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/5/27
      ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ      ᠲᠥᠷᠥᠯ ᠵᠦᠢᠯ ᠢ ᠬᠠᠮᠢᠶ᠎ᠠ ᠪᠦᠬᠦᠢ ᠳᠡᠰ ᠳᠠᠷᠠᠭᠠᠯᠠᠯ ᠢ ᠭᠦᠢᠴᠡᠳᠬᠡᠵᠦ᠂ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠨᠡᠶᠢᠴᠡᠭᠦᠯᠬᠦ ᠶᠢᠨ ᠬᠠᠮᠲᠤ᠂ ᠲᠥᠷᠥᠯ ᠵᠦᠢᠯ ᠤᠨ ᠶᠡᠷᠦᠩᠬᠡᠢ ᠠᠬᠢᠴᠠ ᠶᠢ ᠪᠠᠲᠤᠯᠠᠬᠤ ᠶᠢᠨ ᠲᠤᠰᠠᠳᠠ᠂ ᠡᠳᠦᠭᠡ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠪᠠᠶᠢᠭᠤᠯᠤᠮᠵᠢ ᠠᠴᠠ ︽ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ︿ᠳᠤᠯᠠᠭᠠᠯᠠᠭ᠎ᠠ ᠶᠢᠨ ᠢᠨᠵᠧᠨᠧᠷᠢᠩ﹀ ᠤᠨ ᠳᠤᠯᠠᠭᠠᠯᠠᠭ᠎ᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ︾ ᠳᠤ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ ᠦᠢᠯᠡᠴᠢᠯᠡᠭᠡ ᠬᠠᠩᠭᠠᠬᠤ ᠴᠢᠬᠤᠯᠠᠲᠠᠢ ᠪᠠᠶᠢᠨ᠎ᠠ᠃      ᠬᠤᠶᠠᠷ᠂ ᠲᠥᠷᠥᠯ ᠵᠦᠢᠯ ᠤᠨ ᠦᠨᠳᠦᠰᠦᠨ ᠪᠠᠶᠢᠳᠠᠯ      ᠲᠥᠷᠥᠯ ᠵᠦᠢᠯ ᠤᠨ ᠨᠡᠷᠡᠶᠢᠳᠦᠯ᠄ ︽ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ︿ᠳᠤᠯᠠᠭᠠᠯᠠᠭ᠎ᠠ ᠶᠢᠨ ᠢᠨᠵᠧᠨᠧᠷᠢᠩ﹀ ᠤᠨ ᠳᠤᠯᠠᠭᠠᠯᠠᠭ᠎ᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ︾ ᠤᠨ ᠳᠠᠭᠠᠭᠠᠴᠢᠯᠠᠯᠲᠠ ᠵᠠᠷᠯᠠᠬᠤ ᠣᠷᠣᠯᠠᠭᠴᠢ ᠬᠠᠮᠲᠤᠷᠠᠯᠴᠠᠭᠠᠨ ᠤ ᠨᠢᠭᠡᠴᠢ ᠶᠢᠨ ᠠᠳᠠᠯᠢᠳᠬᠠᠯ ᠰᠣᠩᠭᠤᠯᠲᠠ      ᠳᠠᠭᠠᠭᠠᠴᠢᠯᠠᠯᠲᠠ ᠵᠠᠷᠯᠠᠬᠤ ᠠᠭᠤᠯᠭ᠎ᠠ᠄      1.ᠨᠢᠭᠡᠳᠦᠭᠡᠷ ᠳᠠᠭᠠᠭᠠᠴᠢᠯᠠᠯᠲᠠ ᠵᠠᠷᠯᠠᠬᠤ ᠬᠡᠰᠡᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ︽ᠳᠤᠯᠠᠭᠠᠯᠠᠭ᠎ᠠ ᠶᠢᠨ ᠢᠨᠵᠧᠨᠧᠷᠢᠩ︾ ᠤᠨ ᠳᠤᠯᠠᠭᠠᠯᠠᠭ᠎ᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠬᠡᠮᠵᠢᠶ᠎ᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠵᠢᠴᠢ ᠦᠨ᠎ᠡ ᠬᠢᠵᠠᠭᠠᠷᠯᠠᠨ ᠨᠠᠶᠢᠷᠠᠭᠤᠯᠤᠨ ᠵᠣᠬᠢᠶᠠᠵᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠠᠵᠢᠯᠯᠠᠬᠤ ᠨᠢᠭᠡᠴᠢ ᠶᠢᠨ ᠬᠠᠷᠢᠴᠠᠭᠤᠯᠤᠯ ᠰᠣᠩᠭᠤᠯᠲᠠ      2.ᠬᠤᠶᠠᠳᠤᠭᠠᠷ ᠳᠠᠭᠠᠭᠠᠴᠢᠯᠠᠯᠲᠠ ᠵᠠᠷᠯᠠᠬᠤ ᠬᠡᠰᠡᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ︽ᠳᠤᠯᠠᠭᠠᠯᠠᠭ᠎ᠠ ᠶᠢᠨ ᠢᠨᠵᠧᠨᠧᠷᠢᠩ︾ ᠤᠨ ᠳᠤᠯᠠᠭᠠᠯᠠᠭ᠎ᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠪᠠᠷᠢᠯᠭ᠎ᠠ᠂ ᠬᠢᠨᠠᠨ ᠬᠠᠮᠢᠶᠠᠷᠤᠯᠲᠠ ᠵᠢᠴᠢ ᠪᠠᠶᠢᠴᠠᠭᠠᠨ ᠬᠡᠮᠵᠢᠵᠦ ᠳᠠᠭᠠᠭᠠᠴᠢᠯᠠᠯᠲᠠ ᠵᠠᠷᠯᠠᠬᠤ ᠶᠢᠨ ᠣᠷᠣᠯᠠᠨ ᠠᠵᠢᠯᠯᠠᠬᠤ ᠨᠢᠭᠡᠴᠢ ᠶᠢᠨ ᠠᠳᠠᠯᠢᠳᠬᠠᠯ ᠰᠣᠩᠭᠤᠯᠲᠠ      ᠲᠠᠶᠢᠯᠪᠤᠷᠢ᠄ ᠲᠣᠰ ᠲᠥᠷᠥᠯ ᠵᠦᠢᠯ ᠢ ᠬᠠᠮᠲᠤ ᠳᠤᠨᠢ ᠣᠷᠣᠭᠤᠯᠵᠤ ᠪᠣᠯᠬᠤ ᠦᠭᠡᠢ᠃ ᠳᠠᠷᠤᠢ ᠲᠤᠰ ᠫᠷᠦᠵᠡᠺᠲ ᠤᠨ ᠳᠠᠴᠢᠯᠠᠯ ᠳᠤ ᠬᠦᠯᠢᠶᠡᠨ ᠠᠪᠤᠭᠴᠢ ᠵᠥᠪᠬᠡᠨ ᠲᠡᠭᠦᠨ ᠤ ᠳᠣᠲᠣᠷᠠᠬᠢ 1 ᠵᠤᠷᠪᠤᠰ ᠢ ᠵᠥᠪᠰᠢᠶᠡᠷᠡᠨ᠎ᠡ᠃ ᠬᠡᠷᠪᠡ ᠲᠣᠰ ᠲᠥᠷᠥᠯ ᠵᠦᠢᠯ ᠤᠨ ᠳᠣᠲᠣᠷᠠᠬᠢ ᠬᠤᠶᠠᠷ ᠪᠠᠷᠢᠮᠵᠢᠶᠠᠲᠤ ᠬᠡᠰᠡᠭ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠳᠤ ᠴᠥᠮ ᠨᠢᠭᠡᠳᠦᠭᠡᠷ ᠲᠤ ᠵᠢᠭᠰᠠᠭᠠᠭᠳᠠᠭᠰᠠᠨ ᠪᠠᠶᠢᠪᠠᠯ᠂ ᠪᠠᠷᠢᠮᠵᠢᠶᠠᠲᠤ ᠬᠡᠰᠡᠭ ᠤᠨ ᠲᠠᠰ ᠳᠠᠷᠠᠭᠠᠯᠠᠯ ᠢᠶᠠᠷ ᠳᠠᠭᠠᠭᠠᠴᠢᠯᠠᠯᠲᠠ ᠣᠯᠣᠭᠴᠢ ︵ᠵᠢᠱᠢᠶᠡᠯᠡᠪᠡᠯ ᠳᠠᠭᠠᠭᠠᠴᠢᠯᠠᠯᠲᠠ ᠬᠦᠯᠢᠶᠡᠭᠴᠢ ᠶᠢᠨ ᠳᠡᠭᠡᠷ᠎ᠡ ᠨᠢᠭᠡ ᠳᠠᠭᠠᠭᠠᠴᠢᠯᠠᠯᠲᠠ ᠶᠢᠨ ᠬᠡᠰᠡᠭ ᠲᠤ ᠨᠢᠭᠡᠳᠦᠭᠡᠷ ᠲᠤ ᠵᠢᠭᠰᠠᠭᠠᠭᠳᠠᠭᠰᠠᠨ ᠳᠠᠭᠠᠭᠠᠴᠢᠯᠠᠯᠲᠠ ᠣᠯᠣᠭᠰᠠᠨ ᠵᠢᠱᠢᠭᠳᠡᠭᠴᠢ ᠪᠠᠷ ᠲᠣᠭᠲᠠᠭᠠᠭᠳᠠᠵᠤ᠂ ᠲᠠᠷᠠᠭᠠᠴᠢ ᠶᠢᠨ ᠬᠡᠰᠡᠭ ᠨᠢ ᠳᠠᠭᠠᠭᠠᠴᠢᠯᠠᠯᠲᠠ ᠣᠯᠣᠭᠰᠠᠨ ᠵᠢᠱᠢᠭᠳᠡᠭᠴᠢ ᠪᠠᠷ ᠲᠠᠨᠢᠯᠴᠠᠭᠤᠯᠬᠤ ᠦᠭᠡᠢ︶ ᠶᠢ ᠲᠣᠭᠲᠠᠭᠠᠨ᠎ᠠ᠃      ᠲᠣᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠬᠦᠯᠢᠶᠡᠬᠦ ᠦᠭᠡᠢ᠃      ᠭᠤᠷᠪᠠ᠂ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ      1.ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ︔      2.ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠠᠯᠠᠪᠤᠷ᠂ ᠲᠥᠬᠦᠭᠡᠷᠦᠮᠵᠢ ᠪᠣᠯᠣᠨ ᠲᠤᠰᠬᠠᠢ ᠮᠡᠷᠭᠡᠵᠢᠯ ᠤᠨ ᠴᠢᠳᠠᠪᠤᠷᠢ ᠲᠠᠢ︔      3.ᠭᠡᠷ᠎ᠡ ᠶᠢ ᠭᠦᠢᠴᠡᠳᠬᠡᠬᠦ ᠳᠤ ᠴᠢᠬᠤᠯᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠪᠠᠶᠢᠬᠤ︔      4.ᠬᠠᠤᠯᠢ ᠶᠣᠰᠣᠭᠠᠷ ᠭᠠᠶᠢᠯᠢ ᠵᠢᠴᠢ ᠨᠡᠶᠢᠭᠡᠮ ᠤᠨ ᠳᠠᠭᠠᠳᠬᠠᠯ ᠢ ᠲᠤᠰᠢᠶᠠᠨ᠎ᠠ︔      5.ᠵᠣᠬᠢᠬᠤ ᠬᠡᠮᠵᠢᠶᠡᠨ ᠤ ᠬᠠᠮᠢᠶ᠎ᠠ ᠪᠦᠬᠦᠢ ᠠᠮᠵᠢᠯᠲᠠ ᠪᠦᠲᠦᠮᠵᠢ ᠲᠠᠢ︔      6.ᠬᠦᠨᠳᠦ ᠨᠣᠴᠢᠲᠠᠢ ᠢᠲᠡᠭᠡᠯ ᠠᠯᠳᠠᠭᠰᠠᠨ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠵᠢᠭᠰᠠᠭᠠᠭᠳᠠᠭᠰᠠᠨ ᠦᠭᠡᠢ︔      ᠳᠥᠷᠪᠡ᠂ ᠬᠢᠷᠢ ᠭᠡᠮ ᠢ ᠬᠢᠨᠠᠨ ᠪᠠᠶᠢᠴᠠᠭᠠᠬᠤ ᠠᠷᠭ᠎ᠠ ᠮᠠᠶ᠋ᠢᠭ᠄ ᠬᠢᠷᠢ ᠬᠡᠮ ᠤᠨ ᠳᠠᠷᠠᠭᠠᠬᠢ ᠬᠢᠨᠠᠯᠲᠠ︔      ᠲᠠᠪᠤ᠂ ᠠᠳᠠᠯᠢᠳᠬᠠᠨ ᠰᠣᠩᠭᠤᠬᠤ ᠴᠠᠭ᠄ 2024 ᠣᠨ ᠤ 5 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨᠠᠬᠢ 5᠄ 00 ᠴᠠᠭ ᠲᠤ ᠬᠦᠷᠲᠡᠯ᠎ᠡ︔      ᠵᠢᠷᠭᠤᠭ᠎ᠠ᠂ ᠰᠣᠩᠭᠤᠨ ᠲᠤᠰᠢᠶᠠᠬᠤ ᠮᠠᠲ᠋ᠧᠷᠢᠶᠠᠯ ᠵᠢᠴᠢ ᠬᠢᠨᠠᠨ ᠲᠣᠭᠲᠠᠭᠠᠬᠤ ᠭᠠᠵᠠᠷ      ᠬᠥᠬᠡᠬᠤᠲᠠ ᠶᠢᠨ ᠲᠦᠩ ᠳ᠋ᠣᠣ ᠬᠤᠶᠢᠲᠤ ᠵᠠᠮ ᠤᠨ ᠬᠤᠲᠣᠩ ᠠᠷᠠᠳ ᠶᠢᠨ ᠲᠣᠭᠤᠷᠢᠭ ᠤᠨ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠯᠪᠠᠨ ᠠᠰᠠᠷ ᠤᠨ ᠬᠤᠷᠠᠯ ᠤᠨ ᠭᠡᠷ      ᠳᠣᠯᠤᠭ᠎ᠠ᠂ ᠡᠯᠰᠡᠨ ᠴᠤᠭᠯᠠᠭᠤᠯᠤᠭᠰᠠᠨ ᠦᠷ᠎ᠡ ᠳ᠋ᠦᠩ ᠢ ᠲᠣᠭᠲᠠᠭᠠᠬᠤ ᠠᠷᠭ᠎ᠠ ᠬᠡᠯᠪᠡᠷᠢ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠳᠠᠮᠵᠢᠭᠤᠯᠤᠨ ᠲᠤᠰᠢᠶᠠᠭᠰᠠᠨ ᠪᠢᠴᠢᠭ ᠮᠠᠲ᠋ᠧᠷᠢᠶᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠨ ᠲᠣᠭᠲᠠᠭᠠᠭᠰᠠᠨ ᠪᠢᠴᠢᠭ ᠮᠠᠲ᠋ᠧᠷᠢᠶᠠᠯ ᠤᠨ ᠶᠣᠰᠣᠭᠠᠷ ᠬᠢᠨᠠᠨ ᠰᠢᠯᠭᠠᠷᠠᠭᠤᠯᠬᠤ ᠶᠢᠨ ᠬᠠᠮᠲᠤ ᠨᠡᠷᠡᠰ ᠤᠨ ᠵᠢᠭᠰᠠᠭᠠᠯᠲᠠ ᠬᠢᠵᠦ᠂ ᠨᠢᠭᠡᠳᠦᠭᠡᠷ ᠲᠤ ᠵᠢᠭᠰᠠᠭᠠᠭᠳᠠᠭᠰᠠᠨ ᠬᠠᠮᠲᠤᠷᠠᠯᠴᠠᠭᠠᠨ ᠤ ᠨᠢᠭᠡᠴᠢ ᠪᠠᠷ ᠲᠣᠭᠲᠠᠭᠠᠨ᠎ᠠ᠃      ᠨᠠᠢᠮᠠ᠂ ᠪᠦᠲᠦᠭᠡᠨ ᠪᠠᠶᠢᠭᠤᠯᠤᠯᠲᠠ ᠶᠢᠨ ᠨᠢᠭᠡᠴᠢ      ᠴᠤᠭᠯᠠᠭᠤᠯᠤᠭᠰᠠᠨ ᠨᠢᠭᠡᠴᠢ ᠶᠢᠨ ᠨᠡᠷᠡᠶᠢᠳᠦᠯ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ      ᠬᠠᠶ᠋ᠢᠭ᠄ ᠬᠥᠬᠡᠬᠤᠲᠠ ᠶᠢᠨ ᠲᠦᠩ ᠳ᠋ᠣᠣ ᠬᠤᠶᠢᠲᠤ ᠵᠠᠮ      ᠬᠠᠷᠢᠯᠴᠠᠬᠤ ᠬᠥᠮᠥᠨ᠄ ᠬᠠᠨ ᠬᠤ᠋ ᠵᠢᠶᠦ᠋ᠨ      ᠬᠠᠷᠢᠯᠴᠠᠬᠤ ᠤᠲᠠᠰᠤ᠄ 15148090959      ᠣᠨᠴᠠᠭᠠᠶᠢᠯᠠᠨ ᠵᠠᠷᠯᠠᠪᠠ                        ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ            ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                              2024 ᠣᠨ ᠤ 5 ᠰᠠᠷ᠎ᠠ ᠶᠢᠨ 24 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号