ᠮᠠᠨ ᠤ ᠬᠤᠲᠠ ᠠᠩᠬᠠᠳᠠᠭᠴᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠢᠵᠢ ᠪᠦᠷᠢᠳᠦᠭᠦᠯᠦᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠪᠠ
ᠨᠡᠶᠢᠲᠡᠯᠡᠭᠰᠡᠨ ᠴᠠᠭ᠄
2024/5/27
      ︵ᠰᠤᠷᠪᠤᠯᠵᠢᠯᠠᠭᠴᠢ ᠰᠥᠩ ᠰᠢᠶᠠᠩ ᠬᠤᠸᠠ︶ 5 ᠳ᠋ᠤᠭᠠᠷ ᠰᠠᠷ᠎ᠠ ᠶᠢᠨ 22 ᠤᠨ ᠡᠳᠦᠷ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠤᠨ ᠴᠢᠬᠤᠯᠠ ᠨᠥᠬᠦᠴᠡᠯ ᠤᠨ ᠲᠣᠳᠣᠷᠬᠠᠢ ᠬᠠᠭᠤᠳᠠᠰᠤ ᠵᠢᠴᠢ ᠴᠤᠪᠤᠷᠠᠯ ᠳᠠᠭᠠᠨ ᠰᠢᠨ᠎ᠡ ᠶᠢ ᠡᠭᠦᠳᠴᠦ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠬᠤ ᠬᠡᠯᠪᠡᠷᠢ ᠪᠠᠷ ᠰᠢᠨ᠎ᠡ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠲᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠵᠦ ᠥᠭᠭᠦᠭᠡᠳ᠂ ᠡᠨᠡ ᠨᠢ ᠪᠥᠬᠦ ᠬᠤᠲᠠ ᠶᠢᠨ ᠠᠩᠬᠠᠳᠠᠭᠴᠢ ᠵᠢᠱᠢᠶ᠎ᠡ ᠪᠣᠯᠤᠭᠰᠠᠨ ᠪᠠᠶᠢᠨ᠎ᠠ᠃            ᠣᠷᠳᠣ ᠬᠤᠭᠤᠴᠠᠭᠠᠨ ᠤ ᠲᠤᠷᠰᠢ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠡᠯ᠎ᠡ ᠲᠥᠷᠥᠯ ᠤᠨ ᠢᠵᠢ ᠪᠦᠷᠢᠳᠦᠭᠦᠯᠦᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠳᠠᠩᠰᠠᠯᠠᠯᠲᠠ ᠨᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠵᠢᠯ ᠤᠨ ᠪᠡᠷᠬᠡ ᠠᠰᠠᠭᠤᠳᠠᠯ ᠪᠣᠯᠣᠭᠰᠠᠭᠠᠷ ᠢᠷᠡᠭᠰᠡᠨ ᠪᠣᠯᠬᠤᠷ ᠳᠠᠩᠰᠠᠯᠠᠯᠲᠠ ᠶᠢᠨ ᠪᠠᠶᠢᠭᠤᠯᠤᠮᠵᠢ ᠠᠴᠠ ᠢᠵᠢ ᠪᠦᠷᠢᠳᠦᠭᠦᠯᠦᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠰᠢᠨᠵᠢ ᠴᠢᠨᠠᠷ ᠢ ᠪᠥᠬᠦ ᠲᠠᠯ᠎ᠠ ᠪᠠᠷ ᠲᠣᠳᠣᠷᠬᠠᠶᠢᠯᠠᠬᠤ ᠴᠢᠬᠤᠯᠠᠲᠠᠢ ᠪᠠᠶᠢᠪᠠ᠃ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠠᠷᠢᠯᠭ᠎ᠠ ᠶᠢᠨ ᠬᠡᠷᠡᠭᠴᠡᠭᠡ ᠠᠳᠠᠯᠢ ᠪᠤᠰᠤ ᠪᠠᠶᠢᠬᠤ ᠪᠠᠶᠢᠳᠠᠯ ᠳᠤ ᠴᠢᠭᠯᠡᠭᠦᠯᠦᠨ᠂ ᠰᠠᠭᠤᠭᠠᠯᠢ ᠲᠣᠭᠤᠷᠢᠭ ᠤᠨ ᠳᠣᠲᠣᠷᠠᠬᠢ ᠬᠠᠮᠲᠤ ᠶᠢᠨ ᠥᠮᠴᠢᠯᠡᠯ ᠤᠨ ᠪᠠ ᠲᠤᠰᠬᠠᠢ ᠥᠮᠴᠢᠯᠡᠯ ᠤᠨ ᠬᠡᠰᠡᠭ ᠤᠨ ᠵᠠᠭᠠᠭ ᠬᠢᠵᠠᠭᠠᠷ ᠨᠢ ᠲᠣᠳᠣᠷᠬᠠᠢ ᠦᠭᠡᠢ᠂ ᠡᠷᠬᠡ ᠶᠢᠨ ᠪᠡᠶᠡᠴᠢ ᠴᠣᠭᠴᠠ ᠶᠢ ᠲᠣᠭᠲᠠᠭᠠᠬᠤ᠂ ᠣᠨᠴᠠᠭᠠᠶ ᠴᠢᠬᠤᠯᠠ ᠨᠥᠬᠦᠴᠡᠯ ᠤᠨ ᠮᠠᠲ᠋ᠧᠷᠢᠶᠠᠯ᠂ ᠳᠠᠩᠰᠠᠯᠠᠯᠲᠠ ᠶᠢᠨ ᠲᠥᠷᠥᠯ ᠬᠡᠯᠪᠡᠷᠢ ᠵᠡᠷᠭᠡ ᠴᠢᠬᠤᠯᠠ ᠶᠡᠭᠡ ᠲᠦᠭᠵᠢᠷᠡᠯ ᠳᠤ ᠬᠠᠨᠳᠤᠭᠤᠯᠤᠨ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠤᠷᠢᠳ ᠢᠶᠠᠷ ᠦᠢᠯᠡᠴᠢᠯᠡᠨ᠂ ᠲᠥᠷᠥᠯ ᠵᠦᠢᠯ ᠳᠤ ᠬᠤᠯᠪᠣᠭᠳᠠᠬᠤ ᠳᠡᠭᠡᠳᠦ ᠤᠷᠤᠰᠬᠠᠯ ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠢᠯᠠᠩᠭᠤᠶ᠎ᠠ ᠭᠠᠵᠠᠷ ᠰᠢᠷᠣᠢ ᠶᠢ ᠬᠤᠳᠠᠯᠳᠤᠭᠰᠠᠨ ᠭᠡᠷ᠎ᠡ᠂ ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠤ ᠪᠥᠬᠦ ᠲᠠᠯ᠎ᠠ ᠶᠢᠨ ᠵᠠᠳᠠᠯᠤᠯᠲᠠ ᠬᠢᠬᠦ ᠪᠠᠷ ᠳᠠᠮᠵᠢᠭᠤᠯᠤᠨ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠨᠠᠷᠢᠯᠢᠭ ᠣᠨᠣᠪᠴᠢᠲᠠᠢ ᠲᠠᠶᠢᠯᠤᠮᠵᠢ ᠬᠢᠬᠦ ᠲᠠᠢ ᠤᠶᠠᠯᠳᠤᠭᠤᠯᠤᠨ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ  ᠡᠷᠬᠡ ᠶᠢᠨ ᠪᠡᠶᠡᠴᠢ ᠴᠣᠭᠴᠠ ᠶᠢ ᠰᠢᠨ᠎ᠡ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠣᠭᠲᠠᠭᠠᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠲᠣᠰ ᠲᠣᠪᠴᠢᠶ᠎ᠠ ᠳᠤ ᠴᠢᠬᠤᠯᠠ ᠨᠥᠬᠦᠴᠡᠯ ᠤᠨ ᠨᠠᠷᠢᠨ ᠲᠠᠩᠰᠠ ᠬᠠᠩᠭᠠᠵᠤ᠂ ᠲᠡᠭᠦᠨ ᠢ ᠢᠳᠡᠪᠬᠢᠲᠡᠢ ᠵᠢᠯᠣᠭᠤᠳᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠲᠠᠢ ᠵᠣᠯᠭᠠᠭᠤᠯᠵᠤ᠂ ᠬᠢᠨᠠᠨ ᠬᠠᠷᠭᠤᠭᠤᠯᠵᠤ ᠳᠠᠩᠰᠠᠯᠠᠬᠤ ᠴᠢᠬᠤᠯᠠ ᠨᠥᠬᠦᠴᠡᠯ ᠤᠨ ᠮᠠᠲ᠋ᠧᠷᠢᠶᠠᠯ ᠳᠤ ᠤᠷᠢᠳᠴᠢᠯᠠᠨ ᠣᠷᠣᠯᠴᠠᠭᠰᠠᠨ ᠪᠥᠭᠡᠳ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠢᠱᠢᠶ᠎ᠡ ᠦᠵᠡᠭᠦᠯᠬᠦ ᠴᠢᠨᠠᠷᠲᠠᠢ ᠴᠤᠪᠤᠷᠠᠯ ᠢ ᠲᠣᠭᠲᠠᠭᠠᠵᠤ᠂ ᠬᠠᠮᠢᠶ᠎ᠠ ᠪᠦᠬᠦᠢ ᠤᠴᠢᠷ ᠶᠠᠪᠤᠳᠠᠯ ᠢ ᠭᠦᠢᠴᠡᠳᠬᠡᠬᠦ ᠠᠵᠢᠯ ᠢ ᠢᠳᠡᠪᠬᠢᠲᠡᠢ ᠠᠬᠢᠭᠤᠯᠪᠠ᠃            ᠲᠣᠰ ᠤᠳᠠᠭ᠎ᠠ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠠᠮᠵᠢᠯᠲᠠᠲᠠᠢ ᠭᠦᠢᠴᠡᠳᠬᠡᠭᠰᠡᠨ ᠨᠢ ᠲᠣᠰ ᠲᠥᠷᠥᠯ ᠤᠨ ᠢᠵᠢ ᠪᠦᠷᠢᠳᠦᠭᠦᠯᠦᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠳᠠᠩᠰᠠᠯᠠᠯᠲᠠ ᠶᠢᠨ ᠪᠣᠶ ᠪᠦᠬᠦᠢ ᠲᠦᠭᠵᠢᠷᠡᠯ ᠢ ᠨᠢᠭᠡ ᠯᠡ ᠤᠳᠠᠭ᠎ᠠ ᠳᠤ ᠨᠡᠪᠲᠡᠷᠡᠭᠦᠯᠦᠭᠰᠡᠨ ᠢᠶᠠᠷ ᠪᠠᠷᠠᠬᠤ ᠦᠭᠡᠢ ᠲᠠᠷᠠᠭᠠᠴᠢ ᠶᠢᠨ ᠠᠯᠬᠤᠮ ᠳᠤ ᠡᠯ᠎ᠡ ᠲᠥᠷᠥᠯ ᠤᠨ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠡᠷᠬᠡ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠳᠤ ᠵᠢᠱᠢᠶ᠎ᠡ ᠦᠵᠡᠭᠦᠯᠬᠦ ᠪᠠ ᠯᠠᠪᠯᠠᠯᠲᠠ ᠪᠣᠯᠭᠠᠬᠤ ᠦᠢᠯᠡᠳᠦᠯ ᠦᠵᠡᠭᠦᠯᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号