ᠰᠤᠷᠭᠠᠨ ᠬᠥᠮᠦᠵᠢᠯ ᠤᠨ ᠶᠠᠮᠤᠨ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2024/5/27
      ᠰᠤᠷᠪᠤᠯᠵᠢᠯᠠᠬᠴᠢ 5 ᠰᠠᠷ᠎ᠠ ᠶᠢᠨ 20 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠠᠵᠢᠯ ᠣᠯᠭᠤᠯᠲᠠ ᠶᠢᠨ ᠠᠵᠢᠯ ᠤᠨ ᠰᠢᠪᠲᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠳᠤ 5 ᠰᠠᠷ᠎ᠠ ᠠᠴᠠ 8 ᠰᠠᠷ᠎ᠠ ᠪᠤᠯᠲᠠᠯ᠎ᠠ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭ᠎ᠠ ᠥᠷᠨᠢᠭᠦᠯᠬᠦ ᠶᠢ ᠪᠠᠶᠢᠷᠢᠯᠠᠭᠤᠯᠪᠠ᠃      ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭ᠎ᠠ ᠨᠢ ︽ᠠᠷᠭ᠎ᠠ ᠪᠦᠭᠦᠨ ᠢ ᠰᠦᠪᠡᠭᠴᠢᠯᠡᠨ ᠠᠵᠢᠯ ᠤᠨ ᠪᠠᠶᠢᠷᠢ ᠶᠢ ᠥᠷᠭᠡᠳᠬᠡᠵᠦ᠂ ᠬᠤᠷᠳᠤᠴᠠ ᠶᠢ ᠲᠦᠷᠭᠡᠳᠬᠡᠨ ᠦᠷ᠎ᠡ ᠠᠰᠢᠭ ᠢ ᠨᠡᠮᠡᠭᠳᠡᠭᠦᠯᠵᠦ ᠠᠵᠢᠯ ᠣᠯᠭᠤᠯᠲᠠ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠪᠠ᠃ ᠡᠨᠡ ᠬᠤᠭᠤᠴᠠᠭᠠᠨ ᠳᠤ ︽ᠠᠵᠢᠯ ᠣᠯᠭᠤᠯᠲᠠ ᠶᠢ ᠠᠬᠢᠭᠤᠯᠬᠤ ᠭᠠᠷᠠᠭ︾ ᠤᠨ ᠬᠦᠴᠦᠨ ᠢᠶᠠᠨ ᠨᠢᠭᠲᠠᠷᠠᠭᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠭᠠᠵᠠᠷ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠶᠡᠭᠡ ᠬᠡᠪᠴᠢᠶᠡᠨ ᠤ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠬᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠬᠤ ᠪᠠᠷ ᠳᠡᠮᠵᠢᠨ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠬᠤ ᠪᠣᠯᠣᠨ᠎ᠠ᠃      ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠡᠯ᠎ᠡ ᠶᠡᠭᠡ ᠳᠡᠭᠡᠳᠦ ᠰᠤᠷᠭᠠᠭᠤᠯᠢ ︽ᠶᠡᠭᠡ ᠳᠡᠭᠡᠳᠦ ᠰᠤᠷᠭᠠᠭᠤᠯᠢ ᠶᠢᠨ ᠱᠦᠵᠢ ᠰᠤᠷᠭᠠᠭᠤᠯᠢ ᠶᠢᠨ ᠵᠠᠬᠢᠷᠤᠯ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ ᠲᠤᠰᠬᠠᠢ ᠠᠵᠢᠯᠯᠠᠭ᠎ᠠ︾  ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ ᠤᠨ ᠴᠢᠨᠠᠷᠲᠠᠢ ᠠᠵᠢᠯ ᠣᠯᠭᠤᠬᠤ ᠠᠵᠢᠯ ᠤᠨ ᠪᠠᠶᠢᠷᠢ ᠶᠢ ᠬᠠᠨᠳᠤᠯᠭᠠᠲᠤ ᠴᠢᠨᠠᠷᠲᠠᠢ ᠪᠠᠷ ᠥᠷᠭᠡᠳᠭᠡᠨ᠎ᠡ︔ ᠤᠯᠤᠰ ᠤᠨ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ︽24365 ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠦᠢᠯᠡᠴᠢᠯᠡᠭᠡ︾ ᠶᠢᠨ ᠰᠢᠷᠢᠰ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠠᠵᠢᠯ ᠢ ᠲᠥᠪᠯᠡᠷᠡᠭᠦᠯᠦᠨ ᠥᠷᠨᠢᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠪᠠ ᠨᠠᠷᠢᠯᠢᠭ ᠣᠨᠣᠴᠠᠲᠠᠢ ᠪᠠᠷ ᠬᠦᠷᠭᠡᠵᠦ ᠥᠭᠬᠦ ᠶᠢ ᠦᠷᠭᠦᠯᠵᠢᠯᠡᠨ ᠴᠢᠩᠭᠠᠳᠬᠠᠵᠤ᠂ ︽ᠪᠦᠭᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠵᠠᠭᠤᠨ ᠡᠳᠦᠷ ᠰᠦᠯᠵᠢᠶ᠎ᠡ ᠪᠠᠷ ᠡᠯᠰᠡᠬᠦ︾ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠲᠠᠨ ᠡᠯᠰᠡᠬᠦ ᠰᠠᠷ᠎ᠠ︾ ᠵᠡᠷᠭᠡ ᠠᠵᠢᠯᠲᠠᠨ ᠡᠯᠰᠡᠬᠦ ᠠᠵᠢᠯᠯᠠᠭ᠎ᠠ ᠶᠢ ᠡᠷᠭᠢᠯᠡᠨ᠎ᠡ᠃      ᠰᠤᠷᠭᠠᠨ ᠬᠥᠮᠦᠵᠢᠯ ᠤᠨ ᠶᠠᠮᠤᠨ ᠤ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ᠡᠯ᠎ᠡ ᠭᠠᠵᠠᠷ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠠᠵᠢᠯ ᠲᠠᠢ ᠬᠥᠮᠥᠨ ᠦᠭᠡᠢ ᠭᠡᠷ ᠪᠦᠯᠢ᠂ ᠵᠡᠮᠳᠡᠭ ᠵᠡᠷᠭᠡ ᠠᠵᠢᠯ ᠣᠯᠬᠤ ᠳᠤ ᠬᠦᠴᠢᠷᠲᠡᠢ ᠲᠡᠭᠦᠰᠦᠭᠰᠡᠳ ᠲᠤ ︽ᠨᠢᠭᠡ ᠬᠥᠮᠥᠨ ᠳᠤ ᠨᠢᠭᠡ ᠲᠠᠩᠰᠠ ᠪᠠᠶᠢᠭᠤᠯᠬᠤ︾ ︽ᠨᠢᠭᠡ ᠬᠥᠮᠥᠨ ᠳᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ︾ ᠶᠣᠰᠣᠭᠠᠷ ᠬᠠᠪᠰᠤᠷᠤᠨ ᠲᠡᠳᠬᠦᠬᠦ ᠠᠵᠢᠯ ᠤᠨ ᠡᠬᠡ ᠲᠠᠩᠰᠠ ᠪᠠᠶᠢᠭᠤᠯᠵᠤ᠂ ᠣᠨᠣᠴᠠᠲᠠᠢ ᠪᠦᠲᠦᠮᠵᠢᠲᠡᠶ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯ ᠡᠷᠢᠬᠦ ᠠᠬᠢᠴᠠ ᠶᠢ ᠬᠥᠳᠡᠯᠦᠩᠭᠦᠢ ᠪᠠᠷ ᠮᠥᠷᠳᠡᠨ ᠳᠠᠭᠠᠬᠤ ᠬᠡᠷᠡᠭᠲᠡᠢ᠃     (ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号