ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/5/27
      ᠲᠦᠷᠦᠭᠦᠬᠡᠨ᠂ 2024 ᠣᠨ ᠤ ᠭᠦᠭᠡᠬᠤᠲᠠ ᠶᠢᠨ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠤ ᠡᠭᠢᠯᠡᠯᠲᠡ ᠶᠢᠨ ᠶᠣᠰᠣᠯᠠᠯ ᠰᠢᠨᠬᠤᠸᠠ ᠠᠭᠤᠳᠠᠮ ᠲᠠᠯᠠᠪᠠᠶ ᠳᠤ ᠶᠠᠪᠤᠭᠳᠠᠪᠠ᠃ ᠲᠣᠰ ᠤᠳᠠᠭ᠎ᠠ ᠶᠢᠨ  ᠠᠵᠢᠯᠯᠠᠭ᠎ᠠ ᠳᠤ ᠭᠦᠭᠡᠬᠤᠲᠠ ᠶᠢᠨ ᠡᠯ᠎ᠡ ᠪᠡᠶ᠎ᠡ ᠶᠢᠨ ᠲᠠᠮᠢᠷ ᠤᠨ ᠨᠡᠶᠢᠭᠡᠮᠯᠢᠭ᠂ ᠺᠯᠦ᠋ᠪ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠥᠷᠲᠡᠭᠡ ᠴᠡᠭ ᠤᠨ ᠠᠭᠤᠳᠠᠮ ᠲᠠᠯᠠᠪᠠᠶ ᠶᠢᠨ ᠪᠥᠵᠢᠭ ᠤᠨ ᠪᠠᠭ᠋ᠠᠲᠠᠳ ᠢᠳᠡᠪᠬᠢᠲᠡᠢ ᠣᠷᠣᠯᠴᠠᠪᠠ᠃      ᠲᠣᠰ ᠡᠭᠢᠯᠡᠯᠲᠡ ᠶᠢᠨ ᠶᠣᠰᠣᠯᠠᠯ ᠳᠤ 10 ᠭᠠᠷᠤᠢ ᠵᠦᠢᠯ ᠤᠨ ᠲᠣᠬᠯᠠᠯᠲᠠ ᠭᠠᠷᠭᠠᠵᠤ᠂ ᠨᠡᠶᠢᠲᠡ 3000 ᠭᠠᠷᠤᠢ ᠬᠥᠮᠥᠨ ᠣᠷᠣᠯᠴᠠᠵᠠᠢ᠃ ᠡᠭᠢᠯᠡᠯᠲᠡ ᠶᠢᠨ ᠶᠣᠰᠣᠯᠠᠯ ᠤᠨ ᠳᠠᠷᠠᠭ᠎ᠠ ᠭᠦᠭᠡᠬᠤᠲᠠ ᠶᠢᠨ 9 ᠬᠤᠰᠢᠭᠤ ᠰᠢᠶᠠᠨ ᠲᠣᠭᠤᠷᠢᠭ ᠲᠤ ᠲᠤᠰ ᠲᠤᠰ ᠠᠷᠪᠠᠨ ᠲᠠᠯᠠᠪᠤᠷ ᠠᠭᠤᠳᠠᠮ ᠲᠠᠯᠠᠪᠠᠢ ᠶᠢᠨ ᠪᠥᠵᠢᠭ ᠤᠨ ᠬᠤᠪᠢᠶᠠᠷᠢ ᠥᠷᠲᠡᠭᠡᠨ ᠤ ᠤᠷᠤᠯᠳᠤᠭᠠᠨ ᠥᠷᠨᠢᠭᠦᠯᠵᠦ᠂ ᠠᠵᠢᠯᠯᠠᠭ᠎ᠠ  9 ᠰᠠᠷ᠎ᠠ ᠶᠢᠨ ᠰᠡᠭᠦᠯᠴᠢ ᠪᠤᠯᠲᠠᠯ᠎ᠠ ᠶᠠᠪᠤᠭᠳᠠᠨ᠎ᠠ᠃  ᠡᠭᠢᠯᠡᠯᠲᠡ ᠶᠢᠨ ᠶᠣᠰᠣᠯᠠᠯ ᠳᠡᠭᠡᠷ᠎ᠡ ᠪᠠᠰᠠ ᠥᠷᠭᠡᠨ ᠣᠯᠠᠨ ᠲᠦᠮᠡᠨ ᠳᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠨᠠᠭᠠᠴᠢᠯᠠᠭ᠎ᠠ ᠭᠠᠷᠭᠠᠵᠤ᠂ ᠣᠯᠠᠨ ᠢᠶᠠᠷ ᠢᠶᠠᠨ  ᠪᠡᠶ᠎ᠡ ᠳᠡᠭᠡᠨ ᠲᠣᠬᠢᠷᠠᠭᠰᠠᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠰᠣᠩᠭᠤᠵᠤ᠂ ᠲᠠᠮᠢᠷ ᠤᠨ  ᠬᠥᠳᠡᠯᠭᠡᠭᠡᠨ ᠤ ᠳᠠᠳᠬᠠᠯ ᠢ  ᠬᠥᠮᠥᠵᠢᠭᠦᠯᠵᠦ᠂ ᠪᠡᠶ᠎ᠡ ᠴᠢᠭᠢᠷᠠᠭᠵᠢᠭᠤᠯᠬᠤ ᠬᠡᠪ ᠰᠤᠷᠲᠠᠯ ᠢ ᠪᠦᠷᠢᠯᠳᠦᠭᠦᠯᠬᠦ ᠶᠢ ᠤᠷᠢᠶᠠᠯᠠᠪᠠ᠃ ᠬᠤᠶᠢᠰᠢᠳᠠ ᠪᠠᠰᠠ ᠡᠯ᠎ᠡ ᠲᠥᠷᠥᠯ ᠤᠨ ᠤᠷᠤᠯᠳᠤᠭᠠᠨ ᠤ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠠᠷᠠᠳ ᠣᠯᠠᠨ ᠤ ᠠᠮᠢᠳᠤᠷᠠᠯ ᠢ ᠪᠠᠶᠠᠯᠢᠭᠵᠢᠭᠤᠯᠤᠨ᠂  ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号