ᠬᠤᠲᠣᠩ ᠠᠷᠠᠳ ᠶᠢᠨ ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠢ ᠨᠡᠶᠢᠭᠡᠮ ᠲᠣᠭᠤᠷᠢᠭ ᠲᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
      ᠶᠡᠷᠦᠩᠬᠡᠢ ᠱᠦᠵᠢ ᠱᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠭᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠱᠤᠭᠤᠮ ᠢ ᠣᠨᠣᠪᠴᠢᠲᠠᠢ ᠡᠵᠡᠮᠰᠢᠵᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠲᠣᠩ ᠠᠷᠠᠳ ᠤᠨ ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠨᠠᠮ ᠤᠨ ᠭᠡᠰᠢᠭᠦᠨ ᠺᠠᠲᠷᠴᠤᠳ ᠢ ᠵᠣᠬᠢᠶᠠᠨ ᠪᠠᠶᠢᠭᠤᠯᠤᠨ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠺᠠᠳ᠋ᠷᠴᠤᠳ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠤᠨ ᠮᠡᠳᠡᠪᠡᠯ ᠵᠣᠬᠢᠬᠤ ᠭᠠᠷ ᠳᠡᠪᠲᠡᠷ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠬᠤ ᠶᠢᠨ ᠬᠠᠮᠲᠤ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠡᠷᠭᠡ ᠠᠭᠤᠯᠭ᠎ᠠ ᠶᠢ ᠣᠯᠠᠨ ᠲᠦᠮᠡᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠶᠢᠨ ᠬᠠᠮᠲᠤ ᠨᠠᠮ ᠤᠨ ᠭᠡᠰᠢᠭᠦᠨ ᠺᠠᠳ᠋ᠷ ᠬᠢᠭᠡᠳ ᠨᠡᠶᠢᠭᠡᠮ ᠲᠣᠭᠤᠷᠢᠭ ᠤᠨ ᠣᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 100 ᠭᠠᠷᠤᠢ ᠬᠤᠪᠢ ᠲᠠᠷᠬᠠᠭᠠᠵᠤ᠂ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠶ ᠪᠣᠯᠭᠠᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢᠨ ᠲᠤᠬᠠᠢ ᠲᠠᠨᠢᠯᠲᠠ ᠶᠢ ᠪᠠᠬᠢᠵᠢᠭᠦᠯᠦᠨ ᠬᠥᠭᠵᠢᠭᠦᠯᠵᠦ᠂ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ ᠲᠣᠭᠲᠠᠭᠤᠨ ᠡᠶ᠎ᠡ ᠵᠣᠬᠢᠴᠠᠯ ᠲᠠᠢ᠂ ᠪᠦᠯᠬᠦᠮᠳᠡᠯ ᠲᠠᠢ ᠨᠥᠬᠦᠷᠰᠡᠭ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠴᠡᠢ᠃ ᠲᠠᠷᠠᠭᠠᠴᠢ ᠶᠢᠨ ᠠᠯᠬᠤᠮ ᠳᠤ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠳᠠᠭᠠᠭᠠᠴᠢᠯᠠᠨ ᠬᠤᠯᠪᠣᠭᠠᠯᠠᠬᠤ ᠨᠢᠭᠡᠴᠢ ᠶᠢᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠳᠦᠷ ᠲᠤᠳᠤᠮ ᠤᠨ ᠠᠵᠢᠯ ᠳᠤ ᠲᠤᠭᠤᠰᠢᠯᠠᠭᠤᠯᠵᠤ᠂ ᠨᠡᠩ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号