ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠰᠢᠷᠠᠯᠵᠢ ᠡᠪᠡᠰᠦ ᠶᠢ ᠠᠷᠢᠯᠭᠠᠬᠤ᠂ ᠬᠠᠷᠰᠢᠯ ᠢ ᠰᠡᠷᠭᠡᠶᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
      ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠺᠠᠳ᠋ᠷᠴᠤᠳ ᠢ ᠵᠢᠶᠠᠨ ᠹᠠᠩ ᠲᠣᠰᠬᠤᠨ ᠤ ᠶᠢᠩ ᠹᠠᠩ ᠳ᠋ᠣᠣ ᠪᠠᠭ᠎ᠠ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ᠤᠨ ᠣᠶᠢᠷ᠎ᠠ ᠬᠠᠪᠢ ᠶᠢᠨ ᠰᠢᠷᠠᠯᠵᠢ ᠡᠪᠡᠰᠦ ᠶᠢ ᠠᠷᠢᠯᠭᠠᠵᠤ᠂ ᠬᠠᠷᠰᠢᠯ ᠢ ᠰᠡᠷᠭᠡᠶᠢᠯᠡᠬᠦ ᠪᠠᠷ ᠠᠷᠠᠳ ᠲᠤ ᠪᠣᠳᠠᠲᠤ ᠶᠠᠪᠤᠳᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠲᠣᠭᠲᠠᠭᠰᠠᠨ ᠣᠷᠣᠨ ᠪᠦᠰᠡ ᠶᠢ ᠬᠠᠮᠲᠤᠪᠠᠷ ᠲᠥᠪᠯᠡᠷᠡᠭᠦᠯᠦᠨ ᠴᠡᠪᠡᠷᠯᠡᠪᠡ᠃ ᠬᠡᠳᠦᠶᠢᠪᠡᠷ ᠪᠠᠭ᠎ᠠ ᠪᠣᠷᠣᠭᠠᠨ ᠣᠷᠣᠵᠤ ᠰᠢᠪᠠᠷ ᠰᠢᠷᠣᠢ ᠬᠥᠮᠥᠨ ᠪᠦᠷᠢ ᠶᠢᠨ ᠥᠮᠥᠳᠦᠨ ᠳᠤ ᠨᠠᠭᠠᠯᠳᠤᠭᠰᠠᠨ ᠪᠣᠯᠪᠠᠴᠤ ᠬᠡᠨ ᠴᠦ ᠭᠡᠰᠡᠨ ᠭᠤᠮᠣᠳᠠᠯ ᠦᠭᠡᠢ ᠪᠠᠶᠢᠵᠤ᠂ ᠰᠢᠷᠠᠯᠵᠢ ᠶᠢᠨ ᠡᠪᠡᠰᠦ ᠳᠠᠬᠢᠨ ᠰᠡᠷᠭᠦᠬᠦ ᠶᠢ ᠰᠡᠷᠭᠡᠶᠢᠯᠡᠬᠦ ᠶᠢᠨ ᠲᠥᠯᠥᠭᠡ ᠣᠯᠠᠨ ᠢᠶᠠᠷ ᠢᠶᠠᠨ ᠰᠢᠷᠠᠯᠵᠢ ᠶᠢᠨ ᠡᠪᠡᠰᠦ ᠶᠢ ᠦᠨᠳᠦᠰᠦ ᠠᠴᠠ ᠨᠢ ᠦᠭᠲᠡᠭᠡᠵᠦ᠂ ᠲᠥᠪᠯᠡᠷᠡᠭᠦᠯᠦᠨ ᠰᠢᠢᠳᠪᠦᠷᠢᠯᠡᠵᠦ᠂ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠰᠢᠯᠢᠳᠡᠭ ᠰᠤᠷᠲᠠᠯ ᠢ ᠭᠦᠢᠴᠡᠳ ᠪᠠᠳᠠᠷᠠᠭᠤᠯᠪᠠ᠃      ᠲᠣᠰ ᠤᠳᠠᠭᠠᠨ ᠤ ᠰᠢᠷᠠᠯᠵᠢ ᠡᠪᠡᠰᠦ ᠶᠢ ᠠᠷᠢᠯᠭᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠨᠡᠶᠢᠭᠡᠮ ᠳᠤ ᠦᠢᠯᠡᠴᠢᠯᠡᠬᠦ ᠤᠬᠠᠮᠰᠠᠷ ᠢ ᠳᠡᠭᠡᠭᠰᠢᠯᠡᠭᠦᠯᠵᠦ᠂ ᠬᠤᠰᠢᠭᠤᠴᠢ ᠵᠢᠱᠢᠶᠡᠴᠢ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠣᠯᠠᠨ ᠲᠦᠮᠡᠨ ᠳᠤ ᠨᠠᠩ ᠠᠷᠢᠭᠤᠨ ᠴᠡᠪᠡᠷ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠴᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号