ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠱᠦᠵᠢ ᠨᠠ ᠶᠠᠨ ᠹᠠᠩ ᠨᠠᠷ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠳᠤ ᠬᠦᠷᠴᠦ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/28
      5 ᠰᠠᠷ᠎ᠠ ᠶᠢᠨ 24 ᠤ ᠡᠳᠦᠷ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠱᠦᠵᠢ ᠨᠠ ᠶᠠᠨ ᠹᠠᠩ ᠨᠠᠷ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠳᠤ ᠬᠦᠷᠴᠦ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ ᠠᠵᠢᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠡᠢ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠹᠠᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠪᠠᠶᠢᠴᠠᠭᠠᠬᠤ ᠳᠠᠷᠤᠭ᠎ᠠ ᠵᠧᠩ ᠵᠢᠶᠠ ᠮᠧᠶ᠂ ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠰᠢᠶᠣᠣ ᠬᠤᠸᠠ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠬᠤᠷᠢᠶᠠᠨ ᠤ 12309 ᠪᠠᠶᠢᠴᠠᠭᠠᠬᠤ ᠦᠢᠯᠡᠴᠢᠯᠡᠭᠡᠨ ᠤ ᠲᠥᠪ᠂ ᠨᠠᠰᠤᠨ ᠳᠤ ᠦᠯᠦ ᠬᠦᠷᠦᠭᠰᠡᠳ ᠤᠨ ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ ᠵᠡᠷᠭᠡ ᠲᠠᠯᠠᠪᠤᠷ ᠢ ᠲᠣᠭᠤᠷᠢᠨ ᠦᠵᠡᠪᠡ᠃ ᠪᠠᠶᠢᠴᠠᠭᠠᠨ ᠰᠤᠳᠤᠯᠤᠯᠲᠠ ᠶᠢᠨ ᠳᠤᠮᠳᠠ 12309 ᠪᠠᠶᠢᠴᠠᠭᠠᠬᠤ ᠦᠢᠯᠡᠴᠢᠯᠡᠭᠡᠨ ᠤ ᠲᠥᠪ ᠤᠨ ︽ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ︾ ᠲᠤᠰᠬᠠᠢ ᠵᠣᠴᠢᠯᠠᠬᠤ ᠴᠣᠩᠬᠤ ᠵᠢᠴᠢ ᠨᠠᠰᠤᠨ ᠳᠤ ᠥᠯᠥ ᠭᠦᠷᠦᠭᠰᠡᠳ ᠢ ᠪᠠᠶᠢᠴᠠᠭᠠᠬᠤ ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ᠂ ᠮᠠᠨ ᠤ ᠬᠤᠷᠢᠶᠠᠨ ᠤ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃      ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠵᠤ᠂ ᠬᠡᠦᠬᠡᠳ ᠤᠨ ᠦᠰᠦᠨ ᠪᠤᠶᠢᠵᠢᠯᠲᠠ ᠶᠢ ᠬᠠᠮᠠᠭᠠᠯᠠᠵᠤ᠂ ᠬᠠᠤᠯᠢ ᠪᠠᠷ ᠵᠠᠰᠠᠬᠤ ᠬᠦᠴᠦᠨ ᠠᠴᠠ ᠰᠠᠯᠵᠤ ᠴᠢᠳᠠᠬᠤ ᠦᠭᠡᠢ ᠪᠥᠭᠡᠳ ᠪᠠᠶᠢᠴᠠᠭᠠᠬᠤ ᠪᠠᠶᠢᠭᠤᠯᠭ᠎ᠠ ᠶᠢᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠬᠤᠷᠢᠶ᠎ᠠ ᠪᠠᠶᠢᠴᠠᠭᠠᠬᠤ ᠠᠵᠢᠯ ᠤᠨ ᠡᠭᠦᠷᠭᠡ ᠴᠢᠳᠠᠪᠤᠷᠢ ᠳᠤ ᠪᠠᠨ ᠰᠠᠭᠤᠷᠢᠯᠠᠨ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ︽ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠵᠤ᠂ ᠨᠢᠭᠡ ᠴᠣᠭᠴᠠᠵᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠶᠡᠷᠦᠩᠬᠡᠶᠢᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠶᠡᠭᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠬᠤᠶᠠᠷ ᠵᠢᠭᠰᠠᠭᠠᠯ ᠤᠨ ᠭᠠᠵᠠᠷ᠂ ᠨᠢᠭᠡ ᠰᠠᠭᠤᠷᠢᠨ ᠭᠠᠵᠠᠷ︾ ᠢ ᠪᠠᠶᠢᠭᠤᠯᠬᠤ ᠪᠠᠷ ᠳᠠᠮᠵᠢᠭᠤᠯᠤᠨ᠂ ᠡᠮᠡᠭᠲᠡᠶᠢᠴᠦᠳ ᠬᠡᠦᠬᠡᠳ ᠲᠤ ᠪᠥᠬᠦ ᠲᠠᠯ᠎ᠠ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠬᠠᠩᠭᠠᠪᠠ᠃      ︽ᠬᠤᠶᠠᠷ ᠵᠢᠭᠰᠠᠭᠠᠯ ᠤᠨ ᠭᠠᠵᠠᠷ︾ ᠲᠤᠬᠠᠶᠢᠯᠠᠪᠠᠯ 12309 ᠪᠠᠶᠢᠴᠠᠭᠠᠬᠤ ᠦᠢᠯᠡᠴᠢᠯᠡᠭᠡᠨ ᠤ ᠲᠥᠪ ᠤᠨ ︽ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ︾ ᠲᠤᠰᠬᠠᠢ ᠵᠣᠴᠢᠯᠠᠬᠤ ᠴᠣᠩᠬᠤ ᠪᠠ ︽ᠵᠠᠭᠠᠯᠳᠤᠯᠭ᠎ᠠ ᠶᠢ ᠳᠡᠮᠵᠢᠬᠦ︾ ᠴᠣᠩᠬᠤᠨ ᠳᠤ ᠲᠦᠰᠢᠭᠯᠡᠨ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ ᠬᠡᠷᠡᠭ ᠲᠤ ᠬᠤᠯᠪᠣᠭᠳᠠᠭᠰᠠᠨ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠤᠷᠢᠳᠠᠪᠠᠷ ᠭᠥᠯᠢᠶᠡᠨ ᠠᠪᠴᠤ ᠵᠣᠴᠢᠯᠠᠬᠤ᠂ ᠤᠷᠢᠳᠠᠪᠠᠷ ᠰᠢᠯᠵᠢᠭᠦᠯᠦᠨ ᠬᠦᠷᠭᠡᠬᠦ᠂ ᠤᠷᠢᠳᠠᠪᠠᠷ ᠰᠢᠢᠳᠪᠦᠷᠢᠯᠡᠬᠦ ᠶᠢ ᠪᠡᠶᠡᠯᠡᠭᠦᠯᠦᠨ᠎ᠡ᠃ 2023 ᠣᠨ ᠠᠴᠠ ᠨᠠᠰᠢ᠂ ᠡᠯ᠎ᠡ ᠲᠥᠷᠥᠯ ᠤᠨ ᠡᠮᠡᠭᠲᠡᠶᠢᠴᠦᠳ ᠬᠡᠦᠬᠡᠳ ᠤᠨ ᠠᠰᠠᠭᠤᠨ ᠯᠠᠪᠯᠠᠬᠤ ᠭᠤᠮᠣᠳᠠᠯ ᠲᠣᠭᠠᠴᠢᠯᠲᠠ ᠶᠢ ᠨᠡᠶᠢᠲᠡ 50 ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ ᠬᠡᠷᠡᠭ ᠢ 18 ᠬᠤᠪᠢ ᠪᠡᠶᠡᠯᠡᠭᠦᠯᠪᠡ︔ ᠬᠡᠷᠡᠭ ᠠᠴᠠ ᠪᠣᠯᠵᠤ ᠶᠠᠳᠠᠭᠤᠷᠠᠭᠰᠠᠨ 12 ᠬᠦᠴᠢᠷᠳᠡᠯ ᠲᠠᠢ ᠡᠮᠡᠭᠲᠡᠶᠢᠴᠦᠳ᠂ 11 ᠨᠠᠰᠤᠨ ᠳᠤ ᠥᠯᠥ ᠬᠦᠷᠦᠭᠰᠡᠳ ᠲᠤ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠮᠥᠩᠭᠦ ᠶᠢ 26.5 ᠲᠦᠮᠡᠨ ᠲᠥᠭᠦᠷᠢᠭ ᠣᠯᠭᠤᠪᠠ︔ ︽ᠵᠠᠭᠠᠯᠳᠤᠬᠤ ᠶᠢ ᠳᠡᠮᠵᠢᠬᠦ︾ ᠴᠣᠩᠬᠤᠪᠴᠢ ᠪᠠᠷ ᠳᠠᠮᠵᠢᠭᠤᠯᠤᠨ 12 ᠬᠡᠷᠡᠭ ᠢ ᠬᠦᠯᠢᠶᠡᠨ ᠠᠪᠴᠤ ᠰᠢᠢᠳᠪᠦᠷᠢᠯᠡᠪᠡ᠃      ︽ᠨᠢᠭᠡ ᠰᠠᠭᠤᠷᠢᠨ ᠭᠠᠵᠠᠷ︾ ᠭᠡᠳᠡᠭ ᠨᠢ ᠳᠠᠷᠤᠢ ᠮᠠᠨ ᠤ ᠬᠤᠷᠢᠶ᠎ᠠ ᠪᠣᠯᠣᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠮᠲᠤᠷᠠᠨ ᠪᠠᠶᠢᠭᠤᠯᠤᠭᠰᠠᠨ ︽ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠥᠷᠲᠡᠭᠡ︾᠂ ᠡᠮᠡᠭᠲᠡᠶᠢᠴᠦᠳ ᠬᠡᠦᠬᠡᠳ ᠤᠨ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠠᠯ᠎ᠠ ᠪᠠᠷ ᠰᠦᠪᠡᠭᠴᠢ ᠶᠢ ᠰᠢᠯᠵᠢᠭᠦᠯᠦᠨ ᠬᠦᠷᠭᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠪᠣᠶ ᠪᠣᠯᠭᠠᠨ᠎ᠠ︔ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠪᠠᠷ ᠵᠠᠰᠠᠬᠤ ᠤᠬᠠᠭᠤᠯᠭ᠎ᠠ᠂ ᠵᠥᠷᠢᠴᠡᠯ ᠢ ᠨᠠᠮᠳᠠᠭᠤᠯᠬᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ ᠰᠡᠳᠬᠢᠴᠡ ᠶᠢᠨ ᠯᠠᠪᠯᠠᠯᠭ᠎ᠠ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠠᠯ᠎ᠠ ᠪᠠᠷ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ᠡᠮᠡᠭᠲᠡᠶᠢᠴᠦᠳ ᠬᠡᠦᠬᠡᠳ ᠲᠤ ᠬᠠᠤᠯᠢ ᠶᠣᠰᠣᠨ ᠤ ᠡᠷᠬᠡ ᠠᠰᠢᠭ ᠤᠨ ︽ᠬᠠᠮᠠᠭᠠᠯᠠᠭᠴᠢ︾ ᠪᠣᠯᠬᠤ ᠬᠡᠷᠡᠭᠲᠡᠢ᠃      ᠡᠭᠦᠨ ᠠᠴᠠ ᠭᠠᠳᠠᠨ᠎ᠠ᠂ ᠮᠠᠨ ᠤ ᠬᠤᠷᠢᠶ᠎ᠠ ᠬᠠᠷᠢᠶᠠᠲᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ  ᠯᠤᠭ᠎ᠠ ᠶᠢᠨ ᠨᠢᠭᠲᠠ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠤᠬᠢᠷᠠᠯ ᠤᠨ ᠳᠠᠯᠳᠠ ᠴᠢᠨᠠᠷ ᠪᠠ ᠣᠨᠴᠠᠭᠠᠶ ᠴᠢᠨᠠᠷ ᠲᠠᠢ ᠪᠠᠶᠢᠬᠤ᠂ ᠰᠦᠪᠡᠭᠴᠢ ᠶᠢ ᠢᠯᠡᠷᠡᠭᠦᠯᠬᠦ ᠳᠤ ᠬᠦᠴᠢᠷ᠂ ᠣᠷᠣᠢ ᠶᠢ ᠢᠯᠡᠷᠡᠭᠦᠯᠬᠦ ᠵᠡᠷᠭᠡ ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ ᠵᠡᠷᠭᠡ ᠲᠠᠢ ᠬᠠᠮᠵᠢᠯᠴᠠᠨ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠬᠠᠮᠲᠤᠷᠠᠨ ᠥᠷᠨᠢᠭᠦᠯᠵᠦ᠂ ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ︽ᠡᠮᠡᠭᠲᠡᠶᠢᠴᠦᠳ ᠬᠡᠦᠬᠡᠳ ᠤᠨ ᠡᠷᠬᠡ ᠠᠰᠢᠭ ᠲᠤ ᠬᠤᠯᠪᠣᠭᠳᠠᠭᠰᠠᠨ ᠵᠢᠭᠤᠷᠠᠯᠳᠤᠭᠠᠨ ᠢ ᠬᠠᠮᠵᠢᠯᠴᠠᠨ ᠠᠷᠢᠯᠭᠠᠬᠤ ᠪᠠ ᠵᠠᠷᠭᠤ ᠶᠢᠨ ᠢᠷᠡᠯᠲᠡ ᠶᠢ ᠵᠠᠰᠠᠬᠤ ᠠᠵᠢᠯ ᠤᠨ ᠲᠣᠭᠲᠠᠴᠠ︾ ᠶᠢ ᠪᠠᠶᠢᠭᠤᠯᠪᠠ︔ ᠡᠮᠡᠭᠲᠡᠶᠢᠴᠦᠳ ᠤᠨ ᠬᠤᠯᠪᠣᠭᠠᠲᠤ ᠬᠤᠷᠠᠯ ᠢ ᠪᠠᠭᠲᠠᠭᠠᠭᠰᠠᠨ 8 ᠨᠢᠭᠡᠴᠢ ᠲᠠᠢ ︽ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠬᠢᠭᠡᠳ ᠨᠡᠶᠢᠭᠡᠮ ᠤᠨ ᠠᠪᠤᠷᠠᠨ ᠲᠤᠰᠠᠯᠠᠯᠲᠠ᠂ ᠬᠠᠪᠰᠤᠷᠤᠨ ᠲᠡᠳᠬᠦᠮᠵᠢ ᠶᠢ ᠪᠦᠲᠦᠮᠵᠢᠲᠡᠶ ᠵᠣᠯᠭᠠᠭᠤᠯᠬᠤ ᠲᠣᠭᠲᠠᠴᠠ︾ ᠵᠡᠷᠭᠡ ᠣᠯᠠᠨ ᠵᠦᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠪᠠ᠃ ᠡᠳᠡᠭᠡᠷ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠡᠮᠡᠭᠲᠡᠶᠢᠴᠦᠳ ᠬᠡᠦᠬᠡᠳ ᠢ ᠬᠠᠮᠠᠭᠠᠯᠠᠬᠤ ︽ᠲᠤᠰ ᠲᠤᠰ ᠢᠶᠠᠷ ᠢᠶᠠᠨ ᠭᠦᠢᠴᠡᠳᠬᠡᠵᠦ︾ ︽ᠪᠠᠬᠢᠯᠡᠯᠲᠡ︾ ᠶᠢ ᠨᠠᠪᠲᠠᠷᠡᠭᠦᠯᠵᠦ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠲᠤᠷᠠᠨ ᠬᠦᠴᠦᠯᠡᠬᠦ ᠶᠢ ᠪᠡᠶᠡᠯᠡᠭᠦᠯᠪᠡ᠃      ᠳᠠᠷᠠᠭᠠᠴᠢ ᠶᠢᠨ ᠠᠯᠬᠤᠮ ᠳᠤ᠂ ᠮᠠᠨ ᠤ ᠬᠤᠷᠢᠶ᠎ᠠ ᠲᠤᠰ ᠤᠳᠠᠭᠠᠨ ᠤ ᠪᠠᠶᠢᠴᠠᠭᠠᠨ ᠰᠤᠳᠤᠯᠵᠤ ᠵᠢᠯᠤᠭᠤᠳᠬᠤ ᠪᠠᠷ ᠠᠵᠠ ᠲᠣᠬᠢᠶᠠᠯ ᠪᠣᠯᠭᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ ᠤᠯᠠᠮ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ︽ᠡᠮᠡᠭᠲᠡᠶᠢᠴᠦᠳ ᠬᠡᠦᠬᠡᠳ ᠲᠤ ᠭᠡᠮᠲᠦᠯ ᠬᠦᠷᠲᠡᠭᠡᠬᠦ ᠦᠭᠡᠢ︾ ᠡᠨᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠲᠤᠰᠬᠠᠢ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号