ᠣᠶᠢᠷ᠎ᠠ ᠳᠤ᠂ ᠭᠦᠭᠡᠬᠤᠲᠠ ᠶᠢᠨ ᠰᠤᠷᠭᠠᠨ ᠬᠥᠮᠦᠵᠢᠯ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ | ︽2024 ᠣᠨ ᠤ ᠭᠦᠭᠡᠬᠤᠲᠠ ᠶᠢᠨ ᠥᠨᠳᠥᠷ ᠳᠤᠮᠳᠠᠳᠤ ᠳᠤ ᠰᠢᠯᠭᠠᠭᠤᠯᠬᠤ ᠰᠤᠷᠤᠬᠴᠢᠳ ᠤᠨ ᠪᠡᠶ᠎ᠡ | ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠶᠢᠨ ᠵᠠᠭᠤᠴᠢᠯᠠᠭᠤᠷ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ | ᠡᠷᠭᠢᠯᠡᠪᠡ᠃ ᠲᠤᠬᠠᠢ ᠶᠢᠨ ᠲᠠᠯᠠᠪᠤᠷ ᠲᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠬᠡᠰᠡᠭ | ᠰᠤᠷᠤᠬᠴᠢᠳ ᠭᠦᠶᠦᠬᠦ᠂ ᠵᠣᠭᠰᠤᠭ᠎ᠠ ᠬᠤᠯᠠ ᠬᠠᠷᠠᠶᠢᠯᠲᠠ᠂ ᠴᠤᠯᠤ ᠪᠥᠮᠪᠦᠭᠡ ᠰᠢᠳᠡᠬᠦ ᠵᠡᠷᠭᠡ ᠲᠥᠷᠥᠯ ᠵᠦᠢᠯ ᠤᠨ | ᠰᠢᠯᠭᠠᠯᠲᠠ ᠳᠤ ᠣᠷᠣᠯᠴᠠᠪᠠ᠃ | ᠣᠶᠢᠯᠠᠭᠠᠭᠰᠠᠨ ᠢᠶᠠᠷ᠂ 2024 ᠣᠨ ᠤ ᠭᠦᠭᠡᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠳᠤ ᠰᠢᠯᠭᠠᠭᠤᠯᠬᠤ ᠰᠤᠷᠤᠬᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ 5 ᠰᠠᠷ᠎ᠠ ᠶᠢᠨ 8 ᠤ | ᠡᠳᠦᠷ ᠠᠴᠠ 30 ᠤ ᠡᠳᠦᠷ ᠪᠤᠯᠲᠠᠯ᠎ᠠ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠶᠢᠨ ᠭᠦᠭᠡᠬᠤᠲᠠ ᠳᠠᠬᠢ ᠬᠤᠪᠢᠶᠠᠷᠢ ᠰᠤᠷᠭᠠᠭᠤᠯᠢ ᠳᠤ ᠶᠠᠪᠤᠭᠳᠠᠵᠤ᠂ ᠪᠦᠭᠦ ᠬᠤᠲᠠ ᠶᠢᠨ 2.23 | ᠲᠦᠮᠡ ᠰᠢᠬᠠᠮ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠤᠷᠤᠬᠴᠢᠳ ᠣᠷᠣᠯᠴᠠᠨ᠎ᠠ᠃ ᠡᠨᠡ ᠵᠢᠯ ᠤᠨ | ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠶᠢᠨ ᠲᠥᠷᠥᠯ ᠵᠦᠢᠯ ᠭᠡᠪᠡᠯ᠄ ᠡᠷᠡᠭᠲᠡᠢ ᠰᠣᠷᠣᠬᠴᠢ ᠶᠢᠨ1000 | ᠮᠧᠲᠷ ᠭᠦᠶᠦᠬᠦ᠂ ᠵᠣᠭᠰᠤᠭ᠎ᠠ ᠬᠤᠯᠠ ᠬᠠᠷᠠᠶᠢᠯᠲᠠ᠂ ᠴᠤᠯᠤ ᠪᠥᠮᠪᠦᠭᠡ ᠰᠢᠳᠡᠬᠦ᠂ ᠡᠮᠡᠭᠲᠡᠢ ᠰᠣᠷᠣᠬᠴᠢ ᠶᠢᠨ 800 | ᠮᠧᠲᠷ ᠭᠦᠶᠦᠬᠦ ᠵᠡᠷᠭᠡ ᠪᠣᠯᠣᠨ᠎ᠠ᠃ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠶᠢᠨ ᠪᠦᠬᠦᠯᠢ ᠬᠤᠪᠢ 40 | ᠬᠤᠪᠢ ᠪᠠᠶᠢᠵᠤ᠂ ᠰᠤᠷᠤᠬᠴᠢᠳ ᠤᠨ ᠰᠢᠯᠭᠠᠯᠲᠠ ᠶᠢᠨ ᠣᠯᠣᠭᠰᠠᠨ ᠬᠢᠷᠢ ᠪᠦᠲᠦᠮᠵᠢ ᠶᠢ ᠥᠨᠳᠥᠷ ᠵᠡᠷᠭᠡ ᠶᠢᠨ | ᠲᠤᠮᠳᠠᠳᠤ ᠰᠤᠷᠭᠠᠭᠤᠯᠢ ᠳᠤ ᠳᠡᠪᠰᠢᠬᠤ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ | | ᠰᠢᠯᠭᠠᠯᠲᠠ ᠶᠢᠨ ᠡᠷᠬᠡ ᠲᠡᠭᠰᠢ᠂ ᠲᠥᠪ ᠭᠤᠤᠯᠴᠢ ᠶᠢ ᠪᠠᠲᠤᠯᠠᠬᠤ ᠶᠢᠨ ᠲᠥᠯᠥᠭᠡ᠂ ᠰᠢᠯᠭᠠᠯᠲᠠ ᠶᠢᠨ ᠪᠦᠭᠦ | ᠶᠠᠪᠤᠴᠠ ᠳᠤ ᠬᠥᠮᠥᠨ ᠤ ᠵᠢᠰᠦ ᠶᠢ ᠢᠯᠭᠠᠨ ᠲᠠᠨᠢᠬᠤ᠂ ᠪᠡᠶ᠎ᠡ ᠶᠢᠨ ᠬᠢᠷᠢ ᠭᠡᠮ ᠢ ᠰᠢᠯᠭᠠᠨ ᠪᠠᠲᠤᠯᠠᠬᠤ ᠰᠢᠰᠲ᠋ᠧᠮ ᠢ | ᠬᠡᠷᠡᠭᠯᠡᠵᠦ᠂ ᠪᠤᠶ ᠪᠦᠬᠦᠢ ᠲᠥᠷᠥᠯ ᠵᠦᠢᠯ ᠳᠤ ᠴᠥᠮ ᠣᠶᠤᠨᠴᠢ ᠡᠯᠧᠺᠲᠷᠣᠨ ᠲᠥᠬᠦᠭᠡᠷᠦᠮᠵᠢ ᠶᠢ ᠬᠡᠷᠡᠭᠯᠡᠨ | ᠰᠢᠯᠭᠠᠨᠳᠠ ᠶᠢᠨ ᠬᠤᠪᠢ ᠶᠢ ᠲᠣᠭᠲᠠᠭᠠᠵᠤ᠂ ᠰᠢᠯᠭᠠᠭᠤᠯᠤᠭᠴᠢ ᠰᠢᠯᠭᠠᠵᠤ ᠳᠠᠭᠤᠰᠤᠭᠰᠠᠨ ᠳᠠᠷᠤᠶᠢᠬᠠᠨ ᠡᠯᠧᠺᠲᠷᠣᠨ | ᠳᠡᠯᠭᠡᠴᠡ ᠳᠡᠭᠡᠷ᠎ᠡ ᠠᠴᠠ ᠰᠢᠯᠭᠠᠭᠰᠠᠨ ᠲᠦᠷᠦᠯ ᠵᠦᠢᠯ ᠤᠨ ᠢᠶᠠᠨ ᠬᠢᠷᠢ ᠪᠦᠲᠦᠮᠵᠢ ᠶᠢ ᠣᠯᠵᠤ ᠦᠵᠡᠨ᠎ᠡ᠂ ᠪᠦᠭᠦ | ᠲᠦᠷᠦᠯ ᠢᠶᠠᠨ ᠰᠢᠯᠭᠠᠵᠤ ᠳᠠᠭᠤᠰᠪᠠᠯ ᠵᠠᠷᠯᠠᠨ ᠨᠡᠶᠢᠲᠡᠯᠡᠬᠦ ᠳᠡᠯᠭᠡᠴᠡ ᠳᠡᠭᠡᠷ᠎ᠡ ᠠᠴᠠ ᠶᠡᠷᠦᠩᠬᠡᠢ ᠬᠢᠷᠢ ᠪᠦᠲᠦᠮᠵᠢ ᠪᠠᠨ | ᠣᠯᠵᠤ ᠬᠠᠷᠠᠨ᠎ᠠ᠃ ᠪᠦᠭᠦ ᠲᠠᠯᠠᠪᠠᠶ ᠳᠤ ᠬᠤᠶᠠᠷ ᠢᠵᠢ ᠣᠨᠴᠠ ᠲᠣᠳᠣ ᠳᠦᠷᠰᠦ ᠰᠢᠩᠭᠡᠭᠡᠯᠲᠡ ᠶᠢᠨ ᠰᠢᠰᠲ᠋ᠧᠮ ᠢ | ᠲᠣᠬᠢᠷᠠᠭᠤᠯᠵᠤ᠂ ᠪᠦᠭᠦ ᠶᠠᠪᠤᠴᠠ ᠳᠤ ᠳᠦᠷᠰᠦ ᠰᠢᠩᠭᠡᠭᠡᠯᠲᠡ ᠬᠢᠨ᠎ᠡ᠃ ᠭᠦᠭᠡᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠵᠤ ᠰᠢᠯᠭᠠᠯᠲᠠ ᠶᠢᠨ ᠪᠦᠭᠦ | ᠶᠠᠪᠤᠴᠠ ᠳᠤ ᠬᠢᠨᠠᠯᠲᠠ ᠲᠠᠯᠪᠢᠪᠠ᠃ | ᠰᠢᠯᠭᠠᠭᠤᠯᠤᠭᠴᠢ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠰᠢᠯᠭᠠᠯᠲᠠ ᠶᠢᠨ ᠲᠤᠬᠠᠢ ᠶᠢᠨ | ᠲᠠᠯᠠᠪᠤᠷ ᠲᠤ 2 ᠡᠮᠴᠢᠯᠡᠭᠡᠨ ᠤ ᠠᠪᠤᠷᠠᠨ ᠲᠤᠰᠠᠯᠠᠬᠤ ᠴᠡᠭ ᠭᠠᠷᠭᠠᠵᠤ᠂ 120 ᠲᠤᠰᠬᠠᠢ ᠠᠪᠤᠷᠠᠨ ᠲᠤᠰᠠᠯᠠᠬᠤ | ᠲᠡᠷᠭᠡ ᠪᠠ ᠲᠤᠰᠬᠠᠢ ᠮᠡᠷᠭᠡᠵᠢᠯ ᠤᠨ ᠲᠦᠷᠭᠡᠨ ᠠᠪᠤᠷᠠᠭᠴᠢ ᠲᠣᠬᠢᠷᠠᠭᠤᠯᠵᠤ᠂ ᠰᠢᠷᠬᠠᠲᠤᠬᠤ ᠪᠠ ᠡᠪᠡᠳᠴᠢᠯᠡᠭᠰᠡᠨ ᠢ | ᠴᠠᠭ ᠲᠤᠬᠠᠢ ᠳᠤᠨᠢ ᠰᠢᠢᠳᠪᠦᠷᠢᠯᠡᠬᠦ ᠪᠣᠯᠣᠨ᠎ᠠ᠃ ᠰᠤᠷᠭᠠᠭᠤᠯᠢ ᠠᠴᠠ ᠰᠢᠯᠭᠠᠭᠤᠯᠤᠭᠰᠠᠳ ᠢ ᠬᠦᠷᠭᠡᠬᠦ᠂ | ᠰᠢᠯᠭᠠᠭᠤᠯᠤᠭᠰᠠᠳ ᠤᠨ ᠲᠠᠯᠠᠪᠠᠢ ᠳᠤ ᠣᠷᠣᠬᠤ ᠪᠠ ᠭᠠᠷᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ | ᠪᠣᠳᠠᠲᠠᠢ ᠨᠠᠷᠢᠯᠢᠭ ᠠᠳᠬᠤᠵᠤ᠂ ᠡᠯ᠎ᠡ ᠰᠤᠷᠭᠠᠭᠤᠯᠢ ᠶᠢᠨ ᠬᠢᠨ ᠶᠡᠭᠡ ᠮᠠᠰᠢᠨ ᠲᠡᠷᠭᠡ ᠪᠠᠷ ᠰᠢᠯᠭᠠᠭᠤᠯᠤᠭᠰᠠᠳ ᠢ | ᠨᠢᠭᠡᠳᠦᠯᠲᠡᠢ ᠬᠦᠷᠭᠡᠵᠦ᠂ ᠰᠤᠷᠤᠬᠴᠢᠳ ᠤᠨ ᠤᠷᠤᠭᠰᠢᠲᠠᠢ ᠰᠢᠯᠭᠠᠬᠤ ᠶᠢ ᠪᠠᠲᠤᠯᠠᠵᠤ ᠪᠠᠶᠢᠨ᠎ᠠ᠃ | | |