ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/29
      5 ᠳ᠋ᠤᠭᠠᠷ ᠰᠠᠷ᠎ᠠ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠰᠠᠷ᠎ᠠ ᠮᠥᠨ᠂ ᠪᠠᠰᠠ ᠴᠤ ᠪᠦᠬᠦ ᠲᠣᠭᠤᠷᠢᠭ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠵᠦ᠂ ᠮᠠᠨ ᠤ ᠲᠣᠪᠴᠢᠶ᠎ᠠ ᠶᠢᠨ ᠨᠠᠮ ᠤᠨ ᠡᠭᠦᠷ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠲᠠᠯ᠎ᠠ ᠳᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠰᠤᠷᠤᠯᠴᠠᠨ ᠲᠤᠭᠤᠰᠢᠯᠠᠭᠤᠯᠬᠤ ᠥᠷᠨᠢᠯᠲᠡ ᠭᠠᠷᠭᠠᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠢ ᠤᠬᠠᠮᠰᠠᠷ ᠠᠴᠠ ᠪᠠᠨ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃      ᠨᠢᠭᠡ ᠳᠤ᠂ ᠮᠠᠨ ᠤ ᠲᠣᠪᠴᠢᠶ᠎ᠠ ᠶᠢᠨ ᠨᠠᠮ ᠤᠨ ᠡᠭᠦᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ︾ ᠭᠤᠣᠯ ᠰᠡᠳᠦᠪᠲᠦ ᠦᠵᠡᠰᠬᠦᠯᠡᠩ ᠢ ᠲᠣᠭᠤᠷᠢᠨ ᠦᠵᠡᠪᠡ᠃
     ᠬᠤᠶᠠᠷ ᠲᠤ᠂ ᠮᠠᠨ ᠤ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠭᠰᠠᠨ ᠪᠥᠭᠡᠳ ᠠᠭᠤᠯᠭ᠎ᠠ ᠶᠢᠨ ᠲᠤᠬᠠᠢ ᠨᠢᠭᠤᠷᠳᠠᠨ ᠲᠠᠶᠢᠯᠤᠮᠵᠢ ᠬᠢᠵᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠭᠦᠨ ᠵᠤᠵᠠᠭᠠᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠪᠠ᠃ ᠠᠵᠢᠯᠯᠠᠭ᠎ᠠ ᠶᠢᠨ ᠬᠤᠭᠤᠴᠠᠭᠠᠨ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 500 ᠭᠠᠷᠤᠢ ᠬᠤᠪᠢ ᠲᠠᠷᠬᠠᠭᠠᠪᠠ᠃
     ᠭᠤᠷᠪᠠ ᠳᠤ᠂ ᠮᠠᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ LED ᠲᠣᠮᠣ ᠳᠡᠯᠭᠡᠴᠡ ᠪᠠ ᠮᠠᠨ ᠤ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠠᠰᠢᠭᠯᠠᠨ ᠨᠠᠮ ᠪᠠ ᠤᠯᠤᠰ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠶᠢᠨ ᠬᠠᠮᠲᠤ ᠶᠡᠭᠡ ᠲᠢᠩᠬᠢᠮ ᠤᠨ ᠢᠯᠡᠷᠬᠡᠢ ᠪᠠᠶᠢᠷᠢᠨ ᠳᠤ ᠤᠬᠠᠭᠤᠯᠤᠨ ᠳᠡᠯᠭᠡᠨ ᠦᠵᠡᠭᠦᠯᠬᠦ ᠫᠠᠶᠢᠰᠠ ᠪᠣᠰᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠤᠯᠢ ᠶᠢ ᠰᠤᠷᠬᠤ᠂ ᠬᠠᠤᠯᠢ ᠶᠢ ᠬᠡᠷᠡᠭᠯᠡᠬᠦ᠂ ᠬᠠᠤᠯᠢ ᠶᠢ ᠰᠠᠬᠢᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠦᠭᠡᠢ ᠬᠠᠮᠠᠭᠠᠯᠠᠨ ᠬᠥᠭᠵᠢᠭᠦᠯᠦᠨ᠎ᠡ᠃ ᠤᠬᠠᠭᠤᠯᠭ᠎ᠠ ᠶᠢᠨ ᠠᠵᠢᠯ ᠨᠢ ᠺᠠᠳ᠋ᠷ ᠣᠯᠠᠨ ᠲᠦᠮᠡᠨ ᠤ ᠬᠦᠷᠢᠶᠡᠯᠡᠯ ᠢ ᠣᠯᠵᠤ᠂ ᠨᠡᠶᠢᠭᠡᠮ ᠤᠨ ᠡᠯ᠎ᠡ ᠡᠲᠡᠭᠡᠳ ᠪᠣᠯᠣᠨ ᠥᠷᠭᠡᠨ ᠣᠯᠠᠨ ᠠᠷᠠᠳ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠢ ᠭᠦᠢᠴᠡᠳ ᠳᠠᠶᠢᠴᠢᠯᠠᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠡᠶ᠎ᠡ ᠵᠣᠬᠢᠴᠠᠯ ᠲᠠᠢ ᠰᠠᠭᠤᠷᠢ ᠶᠢ ᠪᠠᠲᠤᠳᠬᠠᠪᠠ᠃
     ᠳᠥᠷᠪᠡ ᠳᠤ᠂ ᠭᠠᠷᠠᠭ ᠪᠦᠷᠢ ᠶᠢᠨ ᠬᠠᠮᠲᠤ ᠶᠢᠨ ᠰᠤᠷᠤᠯᠴᠠᠯᠭ᠎ᠠ ᠶᠢᠨ ᠴᠠᠭ ᠲᠤ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ  ᠴᠣᠭᠴᠠᠯᠠᠵᠤ᠂ ︽ᠭᠤᠷᠪᠠᠨ ᠰᠠᠯᠵᠤ ᠪᠤᠯᠤᠰᠢ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠯ ᠳᠤ ᠭᠦᠨ ᠦᠨᠳᠦᠰᠦᠯᠡᠭᠦᠯᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠬᠠᠤᠯᠢᠵᠢᠯ ᠤᠨ ᠲᠤᠬᠠᠢ ᠭᠦᠨᠵᠡᠭᠡᠢ ᠣᠶᠢᠯᠠᠭᠠᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃      ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠨᠳᠦᠰᠦᠲᠡᠨ ᠤ ᠲᠦᠷᠦ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠬᠦᠴᠦᠯᠡᠨ ᠬᠠᠮᠠᠭᠠᠯᠠᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠳᠤ ᠬᠦᠴᠦᠨ ᠴᠢᠳᠠᠯ ᠢᠶᠠᠨ ᠡᠷᠭᠦᠨ᠎ᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号