︽ᠵᠢᠷᠤᠭ ᠰᠡᠭᠦᠳᠡᠷ︾ ᠨᠠᠭᠠᠵᠤ ᠰᠦᠪᠡᠭᠴᠢ ᠶᠢ ᠠᠮᠵᠢᠯᠲᠠ ᠲᠠᠢ ᠪᠠᠷ ᠡᠷᠢᠵᠦ ᠣᠯᠪᠠ - ᠬᠤᠲᠣᠩ ᠠᠷᠠᠳ ᠶᠢᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠨᠢᠭᠡ ᠤᠳᠠᠭᠠᠨ ᠤ ᠬᠤᠳᠠᠯᠳᠤᠭᠠᠨ ᠤ ᠭᠡᠷ᠎ᠡ ᠶᠢᠨ ᠵᠢᠭᠤᠷᠠᠯᠳᠤᠭᠠᠨ ᠤ ᠬᠡᠷᠡᠭ ᠢ ᠠᠮᠵᠢᠯᠲᠠ ᠲᠠᠢ ᠭᠦᠢᠴᠡᠳᠬᠡᠵᠦ ᠳᠠᠭᠤᠰᠭᠠᠪᠠ
ᠨᠡᠶᠢᠲᠡᠯᠡᠭᠰᠡᠨ ᠴᠠᠭ᠄
2024/5/29
      2024 ᠣᠨ ᠤ 5 ᠰᠠᠷ᠎ᠠ ᠶᠢᠨ 21 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠭᠦᠢᠴᠡᠳᠬᠡᠬᠦ ᠺᠠᠳ᠋ᠷ ᠴᠠᠭᠳᠠᠭ᠎ᠠ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠣᠯᠣᠭᠰᠠᠨ ᠤ ᠳᠠᠷᠠᠭ᠎ᠠ᠂ ᠦᠳᠲᠡᠷ ᠲᠦᠷᠭᠡᠨ ᠬᠥᠳᠡᠯᠦᠯᠴᠡᠵᠦ᠂ ᠥᠨᠳᠥᠷ ᠪᠦᠲᠦᠮᠵᠢᠲᠡᠶ ᠪᠠᠷ ᠭᠦᠢᠴᠡᠳᠬᠡᠵᠦ᠂ ᠨᠢᠭᠡ ᠬᠤᠳᠠᠯᠳᠤᠭᠠᠨ ᠤ ᠭᠡᠷ᠎ᠡ ᠶᠢᠨ ᠵᠢᠭᠤᠷᠠᠯᠳᠤᠭᠠᠨ ᠤ ᠬᠡᠷᠡᠭ ᠢ ᠠᠮᠵᠢᠯᠲᠠ ᠲᠠᠢ ᠭᠦᠢᠴᠡᠳᠬᠡᠵᠦ᠂ ᠴᠢᠩᠭ᠎ᠠ ᠨᠢᠮᠪᠠᠢ ᠲᠥᠪ ᠭᠤᠤᠯᠴᠢ ᠬᠠᠤᠯᠢ ᠴᠠᠭᠠᠵᠠ ᠶᠢᠨ ᠠᠵᠢᠯᠯᠠᠭ᠎ᠠ ᠪᠠᠷ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠰᠠᠶᠢᠨ ᠰᠠᠶᠢᠬᠠᠨ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠢᠯᠡᠳᠦᠯ ᠢ ᠢᠯᠡᠷᠡᠭᠦᠯᠪᠡ᠃
     ᠬᠡᠷᠡᠭ ᠤᠨ ᠦᠨᠳᠦᠰᠦᠨ ᠪᠠᠶᠢᠳᠠᠯ      2015 ᠣᠨ ᠳᠤ᠂ ᠵᠠᠭᠠᠯᠳᠤᠭᠴᠢ ᠵᠣᠣ ᠣᠪᠣᠭᠲᠤ ᠵᠠᠭᠠᠯᠳᠤᠭᠳᠠᠭᠴᠢ ᠫᠧᠩ ᠣᠪᠣᠭᠲᠤ ᠶᠢᠨ ᠳᠠᠭᠠᠭᠠᠴᠢᠯᠠᠨ ᠪᠠᠶᠢᠭᠤᠯᠤᠭᠰᠠᠨ ᠪᠠᠷᠢᠯᠭ᠎ᠠ ᠶᠢᠨ ᠲᠥᠷᠥᠯ ᠵᠦᠢᠯ ᠳᠤ ᠴᠠᠬᠢᠯᠭᠠᠨ ᠳᠡᠭᠡᠰᠦ ᠬᠠᠩᠭᠠᠵᠤ᠂ ᠪᠠᠷᠠᠭ᠎ᠠ ᠬᠠᠩᠭᠠᠭᠰᠠᠨ ᠥᠷᠲᠡᠭ  ᠨᠢ ᠨᠡᠶᠢᠲᠡ 160542 ᠲᠥᠭᠦᠷᠢᠭ ᠪᠣᠯᠵᠠᠢ᠃ 2019 ᠣᠨ ᠤ 11 ᠰᠠᠷ᠎ᠠ ᠶᠢᠨ 5 ᠤ ᠡᠳᠦᠷ ᠪᠣᠯᠲᠠᠯ᠎ᠠ᠂ ᠬᠤᠶᠠᠷ ᠲᠠᠯ᠎ᠠ ᠪᠠᠷ ᠢᠶᠠᠨ ᠳ᠋ᠦᠩᠨᠡᠨ ᠪᠤᠳᠤᠭᠰᠠᠨ ᠢᠶᠠᠷ᠂ ᠫᠧᠩ ᠣᠪᠣᠭᠲᠤ ᠮᠥᠨ ᠯᠡ ᠵᠣᠣ ᠣᠪᠣᠭᠲᠤ ᠶᠢᠨ ᠪᠠᠷᠠᠭᠠᠨ ᠤ ᠵᠣᠭᠤᠰ 130500 ᠲᠥᠭᠦᠷᠢᠭ ᠥᠷᠢᠲᠦᠵᠦ ᠪᠠᠶᠢᠬᠤ ᠪᠥᠭᠡᠳ ᠠᠮᠠᠯᠠᠯᠲᠠ ᠪᠠᠨ ᠪᠤᠴᠠᠭᠠᠨ ᠥᠭᠭᠦᠭᠰᠡᠨ ᠪᠠᠶᠢᠨ᠎ᠠ᠂ ᠭᠡᠪᠡᠴᠦ ᠵᠠᠭᠠᠯᠳᠤᠭᠳᠠᠭᠴᠢ ᠠᠮᠠᠯᠠᠯᠲᠠ ᠪᠠᠨ ᠪᠡᠶᠡᠯᠡᠭᠦᠯᠦᠭᠰᠡᠨ ᠦᠭᠡᠢ᠃ ᠵᠠᠭᠠᠯᠳᠤᠭᠴᠢ ᠠᠷᠭ᠎ᠠ ᠪᠤᠰᠤ ᠪᠠᠶᠢᠳᠠᠯ ᠳᠣᠣᠷ᠎ᠠ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠬᠠᠤᠯᠢ ᠶᠣᠰᠣᠭᠠᠷ ᠰᠢᠭᠦᠨ ᠲᠠᠰᠤᠯᠵᠤ᠂ ᠵᠠᠭᠠᠯᠳᠤᠭᠳᠠᠭᠴᠢ ᠶᠢᠨ ᠵᠣᠭᠤᠰ ᠪᠤᠴᠠᠭᠠᠬᠤ ᠡᠭᠦᠷᠭᠡ ᠪᠠᠨ ᠭᠦᠢᠴᠡᠳᠬᠡᠬᠦ ᠶᠢ ᠱᠠᠭᠠᠷᠳᠠᠪᠠ᠃ ᠰᠢᠭᠦᠨ ᠲᠠᠰᠤᠯᠤᠯᠲᠠ ᠬᠦᠴᠦᠨ ᠲᠠᠢ ᠪᠣᠯᠤᠭᠰᠠᠨ ᠤ ᠳᠠᠷᠠᠭ᠎ᠠ ᠵᠠᠭᠠᠯᠳᠤᠭᠳᠠᠭᠴᠢ ᠬᠠᠤᠯᠢ ᠴᠠᠭᠠᠵᠠ ᠶᠢᠨ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠭᠦᠶᠢᠴᠡᠳᠬᠡᠭᠰᠡᠨ ᠦᠭᠡᠢ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠵᠠᠭᠠᠯᠳᠤᠭᠴᠢ ᠰᠢᠭᠦᠬᠦ ᠬᠤᠷᠢᠶᠠᠨ ᠳᠤ ᠠᠯᠪᠠᠳᠠᠨ ᠭᠦᠶᠢᠴᠡᠳᠬᠡᠭᠦᠯᠬᠦ ᠪᠠᠷ ᠭᠤᠶᠤᠴᠢᠯᠠᠨ᠎ᠠ᠃
     ᠬᠡᠷᠡᠭᠵᠢᠭᠦᠯᠬᠦ ᠥᠩᠭᠡᠷᠡᠯᠲᠡ      ᠬᠡᠷᠡᠭ ᠢ ᠭᠦᠢᠴᠡᠳᠬᠡᠬᠦ ᠵᠢᠷᠤᠮ ᠳᠤ ᠣᠷᠣᠭᠰᠠᠨ ᠤ ᠳᠠᠷᠠᠭ᠎ᠠ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠬᠦ ᠲᠣᠪᠴᠢᠶ᠎ᠠ ᠶᠢᠨ ᠺᠠᠳ᠋ᠷ ᠴᠠᠭᠳᠠᠭ᠎ᠠ ᠮᠠ ᠱᠦᠨ ᠪᠢᠨ᠂ ᠬᠠᠨ ᠰᠢᠦᠢ ᠳ᠋ᠦᠩ ᠬᠡᠷᠡᠭ ᠢ ᠨᠠᠷᠢᠨ ᠨᠢᠮᠪᠠᠢ ᠡᠮᠬᠢᠯᠡᠵᠦ᠂ ᠰᠦᠯᠵᠢᠶᠡᠨ ᠤ ᠪᠠᠶᠢᠴᠠᠭᠠᠨ ᠡᠵᠡᠮᠳᠡᠬᠦ ᠪᠠ ᠲᠤᠬᠠᠢ ᠶᠢᠨ ᠭᠠᠵᠠᠷ ᠤᠨ ᠪᠠᠶᠢᠴᠠᠭᠠᠯᠲᠠ ᠪᠠᠷ ᠳᠠᠮᠵᠢᠭᠤᠯᠵᠤ᠂ ᠭᠦᠢᠴᠡᠳᠬᠡᠭᠳᠡᠭᠴᠢ ᠶᠢᠨ ᠨᠡᠷ᠎ᠡ ᠳᠣᠣᠷ᠎ᠠ ᠭᠦᠢᠴᠡᠳᠬᠡᠬᠦ ᠳᠤ ᠬᠠᠩᠭᠠᠬᠤ ᠡᠳ᠋ ᠬᠥᠷᠥᠩᠭᠡ ᠶᠢᠨ ᠰᠦᠪᠡᠭᠴᠢ ᠲᠠᠢ ᠪᠠᠶᠢᠬᠤ ᠶᠢ ᠣᠯᠵᠤ ᠮᠡᠳᠡᠭᠰᠡᠨ ᠦᠭᠡᠢ᠂ ᠭᠦᠢᠴᠡᠳᠬᠡᠬᠦ ᠺᠠᠳ᠋ᠷ ᠴᠠᠭᠳᠠᠭ᠎ᠠ ᠭᠦᠢᠴᠡᠳᠬᠡᠭᠳᠡᠭᠴᠢ ᠲᠠᠢ ᠤᠯᠠᠨ ᠤᠳᠠᠭ᠎ᠠ ᠬᠠᠷᠢᠯᠴᠠᠵᠤ ᠳᠡᠶᠢᠯᠦᠭᠰᠡᠨ ᠦᠭᠡᠢ᠃ ᠭᠦᠢᠴᠡᠳᠬᠡᠭᠳᠡᠭᠴᠢ ᠫᠧᠩ ᠣᠪᠣᠭᠲᠤ ᠶᠢᠨ ᠳᠤᠲᠠᠭᠠᠬᠤ ᠦᠢᠯᠡ ᠠᠵᠢᠯᠯᠠᠭ᠎ᠠ ᠳᠤ ᠪᠣᠯ ᠭᠤᠶᠤᠴᠢᠯᠠᠭᠴᠢ ᠶᠢᠨ ᠳᠤᠷᠠᠳᠤᠭᠰᠠᠨ ᠱᠠᠩᠨᠠᠯ ᠣᠯᠭᠤᠬᠤ ᠭᠤᠶᠤᠴᠢᠯᠠᠯ ᠢ ᠦᠨᠳᠦᠰᠦᠯᠡᠨ᠂ ᠱᠠᠩᠨᠠᠯ ᠣᠯᠭᠤᠬᠤ ᠠᠯᠪᠠᠨ ᠵᠠᠷ ᠨᠡᠶᠢᠲᠡᠯᠡᠵᠦ᠂ ᠨᠡᠶᠢᠭᠡᠮ ᠤᠨ ᠣᠯᠠᠨ ᠨᠡᠶᠢᠲᠡ ᠶᠢᠨ ᠬᠦᠴᠦᠨ ᠢ ᠭᠦᠢᠴᠡᠳ ᠳᠠᠶᠢᠴᠢᠯᠠᠨ ᠭᠦᠢᠴᠡᠳᠬᠡᠬᠦ ᠰᠦᠪᠡᠭᠴᠢ ᠴᠤᠭᠯᠠᠭᠤᠯᠬᠤ ᠳᠤ ᠣᠷᠣᠯᠴᠠᠭᠤᠯᠬᠤ ᠬᠡᠷᠡᠭᠲᠡᠢ᠃
     ᠨᠢᠭᠡ ᠰᠠᠭᠤᠭᠠᠯᠢ ᠠᠷᠠᠳ ᠭᠦᠢᠴᠡᠳᠬᠡᠭᠳᠡᠭᠴᠢ ᠶᠢᠨ ᠤᠯᠠ ᠮᠥᠷ ᠢ ᠮᠡᠳᠡᠭᠰᠡᠨ ᠤ ᠳᠠᠷᠠᠭ᠎ᠠ ᠳᠠᠷᠤᠶᠢᠬᠠᠨ ᠬᠠᠷᠢᠭᠤ ᠲᠤᠰᠬᠠᠵᠠᠢ᠃ ᠢᠯᠡᠴᠢᠯᠡᠨ ᠮᠡᠳᠡᠭᠦᠯᠦᠭᠴᠢ ᠠᠴᠠ ᠬᠠᠩᠭᠠᠭᠰᠠᠨ ᠵᠠᠩᠭᠢᠯᠠᠭ᠎ᠠ ᠶᠢᠨ ᠰᠦᠪᠡᠭᠴᠢ ᠶᠢ ᠣᠯᠣᠭᠰᠠᠨ ᠤ ᠳᠠᠷᠠᠭ᠎ᠠ᠂ ᠺᠠᠳ᠋ᠷ ᠴᠠᠭᠳᠠᠭ᠎ᠠ ᠮᠠ ᠱᠦᠨ ᠪᠢᠨ᠂ ᠬᠠᠨ ᠰᠢᠦᠢ ᠳ᠋ᠦᠩ ᠳᠠᠷᠤᠶᠢᠬᠠᠨ ᠬᠥᠳᠡᠯᠦᠯᠴᠡᠨ ᠵᠣᠷᠢᠭᠰᠠᠨ ᠭᠠᠵᠠᠷ ᠲᠠᠭᠠᠨ ᠣᠴᠢᠪᠠ - ᠬᠥᠬᠡᠬᠤᠲᠠ ᠶᠢᠨ ᠭᠠᠯᠲᠤ ᠲᠡᠷᠭᠡᠨ ᠥᠷᠲᠡᠭᠡ᠃ ᠭᠡᠪᠡᠴᠦ ᠲᠡᠷᠭᠡᠨ ᠥᠷᠲᠡᠭᠡᠨ ᠳᠤ ᠣᠷᠣᠬᠤ ᠡᠭᠦᠳᠡ ᠨᠡᠯᠢᠶᠡᠳ ᠣᠯᠠᠨ᠂ ᠲᠡᠷᠭᠡᠨ ᠳᠤ ᠰᠠᠭᠤᠬᠤ ᠬᠥᠮᠥᠰ ᠣᠯᠠᠨ ᠪᠣᠯᠬᠤᠷ ᠭᠦᠢᠴᠡᠳᠬᠡᠭᠳᠡᠭᠴᠢ ᠶᠢ ᠴᠠᠭ ᠲᠤᠬᠠᠢ ᠳᠤᠨᠢ ᠡᠷᠢᠵᠦ ᠣᠯᠬᠤ ᠶᠢᠨ ᠠᠷᠭ᠎ᠠ ᠦᠭᠡᠢ ᠪᠠᠶᠢᠵᠤ᠂ ᠭᠦᠢᠴᠡᠳᠬᠡᠬᠦ ᠳᠤ ᠬᠦᠴᠢᠷᠳᠡᠯ ᠤᠴᠠᠷᠠᠭᠤᠯᠵᠠᠢ᠃ ᠲᠤᠰ ᠤᠳᠠᠭᠠᠨ ᠤ ᠭᠦᠢᠴᠡᠳᠬᠡᠬᠦ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠭᠦᠢᠴᠡᠳᠬᠡᠬᠦ ᠺᠠᠲᠷ ᠴᠠᠭᠳᠠᠭ᠎ᠠ ᠪᠣᠯᠣᠨ ᠬᠥᠬᠡᠬᠤᠲᠠ ᠶᠢᠨ ᠲᠡᠷᠭᠡᠨ ᠥᠷᠲᠡᠭᠡ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠠᠢ ᠬᠠᠷᠢᠯᠴᠠᠵᠤ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠬᠠᠮᠵᠢᠯᠴᠠᠭᠠᠨ ᠤ ᠬᠠᠪᠰᠤᠷᠤᠯᠭ᠎ᠠ ᠳᠣᠣᠷ᠎ᠠ᠂ ᠭᠦᠢᠴᠡᠳᠬᠡᠭᠳᠡᠭᠴᠢ ᠶᠢ ᠠᠮᠵᠢᠯᠲᠠ ᠲᠠᠢ ᠡᠷᠢᠵᠦ ᠣᠯᠵᠤ᠂ ᠲᠡᠭᠦᠨ ᠢ ᠠᠯᠪᠠᠳᠠᠯᠭ᠎ᠠ ᠪᠠᠷ ᠰᠢᠭᠦᠬᠦ ᠬᠤᠷᠢᠶᠠᠨ ᠳᠤ ᠠᠪᠠᠴᠢᠭᠰᠠᠨ᠃ ᠰᠢᠭᠦᠬᠦ ᠲᠤᠰᠢᠶᠠᠯᠲᠠᠨ ᠤ ᠬᠠᠤᠯᠢ ᠴᠠᠭᠠᠵᠠ ᠶᠢ ᠲᠠᠶᠢᠯᠪᠤᠷᠢᠯᠠᠵᠤ᠂ ᠡᠴᠦᠰ ᠲᠡᠭᠡᠨ ᠫᠧᠩ ᠣᠪᠣᠭᠲᠤ ᠬᠠᠷᠢᠭᠤᠴᠠᠯᠭ᠎ᠠ ᠠᠴᠠ ᠳᠤᠲᠠᠭᠠᠭᠰᠠᠨ ᠬᠦᠨᠳᠦ ᠨᠣᠴᠢᠲᠠᠢ ᠦᠷ᠎ᠡ ᠳ᠋ᠦᠩ ᠢ ᠰᠡᠷᠡᠵᠦ ᠮᠡᠳᠡᠭᠡᠳ᠂ ᠲᠡᠷᠡ ᠳᠣᠣᠷ᠎ᠠ ᠨᠢ ᠵᠤᠤ ᠣᠪᠣᠭᠲᠤ ᠳᠤ 3 ᠲᠦᠮᠡᠨ ᠲᠥᠭᠦᠷᠢᠭ ᠥᠭᠬᠦ ᠪᠠᠷ ᠠᠮᠠᠯᠳᠤᠭᠰᠠᠨ ᠪᠥᠭᠡᠳ ᠦᠯᠡᠳᠡᠭᠰᠡᠨ ᠵᠣᠭᠤᠰ ᠢᠶᠠᠨ ᠨᠢᠭᠡ ᠰᠠᠷ᠎ᠠ ᠶᠢᠨ ᠳᠣᠲᠣᠷ᠎ᠠ ᠪᠦᠬᠦᠨ ᠢ ᠪᠤᠴᠠᠭᠠᠬᠤ ᠪᠠᠷ ᠠᠮᠠᠯᠳᠠᠵᠠᠢ᠃ ᠢᠩᠭᠢᠭᠰᠡᠨ ᠢᠶᠠᠷ ᠲᠤᠰ ᠭᠦᠢᠴᠡᠳᠬᠡᠬᠦ ᠬᠡᠷᠡᠭ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ᠃      ᠬᠤᠲᠣᠩ ᠠᠷᠠᠳ ᠶᠢᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠲᠤᠰ ᠤᠳᠠᠭᠠᠨ ᠤ ᠭᠦᠢᠴᠡᠳᠬᠡᠬᠦ ᠠᠵᠢᠯᠯᠠᠭ᠎ᠠ ᠨᠢ ᠣᠯᠠᠨ ᠨᠡᠶᠢᠲᠡ ᠪᠠᠷ ᠳᠠᠮᠵᠢᠭᠤᠯᠤᠨ ᠣᠷᠣᠯᠴᠠᠬᠤ ᠶᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠵᠤ ᠭᠦᠢᠴᠡᠳᠬᠡᠬᠦ ᠪᠠᠶᠢᠷᠢᠰᠢᠯ ᠤᠨ ᠪᠣᠯᠣᠮᠵᠢᠲᠤ ᠴᠢᠨᠠᠷ ᠪᠠ ᠥᠨᠳᠥᠷ ᠪᠦᠲᠦᠮᠵᠢᠲᠦ ᠴᠢᠨᠠᠷ ᠢ ᠬᠠᠷᠠᠭᠤᠯᠤᠭᠰᠠᠨ ᠪᠠᠶᠢᠨ᠎ᠠ᠃ ᠺᠠᠳ᠋ᠷ ᠴᠠᠭᠳᠠᠭ᠎ᠠ ᠬᠥᠬᠡᠬᠤᠲᠠ ᠶᠢᠨ ᠲᠡᠷᠭᠡᠨ ᠥᠷᠲᠡᠭᠡᠨ ᠤ ᠲᠣᠮᠢᠯᠠᠭᠰᠠᠨ ᠰᠠᠯᠪᠤᠷᠢ ᠳᠤ ᠬᠡᠮᠡᠷᠯᠢᠭ ᠲᠤᠭ ᠬᠦᠷᠭᠡᠵᠦ᠂    ᠨᠡᠩ ᠴᠤ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠵᠣᠷᠢᠭ ᠰᠠᠨᠠᠭ᠎ᠠ ᠶᠢ ᠨᠤᠲᠠᠯᠠᠵᠤ᠂ ᠬᠠᠤᠯᠢ ᠪᠠᠷ ᠵᠠᠰᠠᠬᠤ ᠨᠡᠶᠢᠭᠡᠮ ᠤᠨ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠨ ᠲᠡᠮᠡᠴᠡᠯᠳᠦᠬᠦ ᠬᠦᠴᠦᠨ ᠢ ᠢᠯᠡᠷᠡᠭᠦᠯᠦᠭᠰᠡᠨ ᠶᠠᠪᠤᠳᠠᠯ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠦᠷᠭᠦᠯᠵᠢᠯᠡᠨ ᠲᠥᠪ ᠭᠤᠣᠯᠴᠢ᠂ ᠥᠨᠳᠥᠷ ᠪᠦᠲᠦᠮᠵᠢᠲᠡᠢ ᠭᠦᠢᠴᠡᠳᠬᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠬᠦᠴᠦᠷᠬᠡᠭ ᠶᠡᠭᠡ ᠭᠦᠢᠴᠡᠳᠬᠡᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠤᠯᠢᠵᠢᠭᠰᠠᠨ᠂ ᠪᠠᠶᠢᠩᠭᠤᠵᠢᠭᠰᠠᠨ᠂ ᠵᠢᠷᠤᠮᠵᠢᠭᠰᠠᠨ ᠭᠦᠢᠴᠡᠳᠬᠡᠬᠦ ᠲᠣᠭᠲᠠᠴᠠ ᠪᠠᠷ ︽ᠭᠦᠢᠴᠡᠳᠬᠡᠬᠦ ᠳᠤ ᠬᠦᠴᠢᠷ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢ ᠠᠬᠢᠭᠤᠯᠵᠤ᠂ ᠲᠤᠬᠠᠢ ᠶᠢᠨ ᠬᠥᠮᠥᠨ ᠤ ᠬᠢᠨᠠᠭᠴᠢ ᠶᠢᠨ ᠪᠢᠴᠢᠭ ᠬᠠᠷ᠎ᠠ ᠳᠡᠭᠡᠷᠡᠬᠢ ︽ᠴᠠᠭᠠᠰᠤᠨ ᠳᠡᠭᠡᠷᠡᠬᠢ ᠡᠷᠬᠡ ᠠᠰᠢᠭ︾ ᠢ ᠬᠠᠷᠮᠠᠨ ᠳᠠᠭᠠᠨ ᠰᠠᠪᠠᠯᠠᠭᠰᠠᠨ ︽ᠵᠢᠩᠬᠢᠨᠢ ᠠᠯᠳᠠ ᠮᠥᠩᠭᠦ︾ ᠪᠣᠯᠭᠠᠨ ᠪᠡᠶᠡᠯᠡᠭᠦᠯᠬᠦ ᠪᠠᠷ ᠴᠢᠷᠮᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号