ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ ᠤᠨ ᠳᠠᠭᠠᠭᠠᠴᠢᠯᠠᠯᠲᠠ ᠵᠠᠷᠯᠠᠬᠤ ᠣᠷᠣᠯᠠᠨ ᠰᠢᠯᠢᠨ ᠰᠣᠩᠭᠤᠬᠤ ᠲᠥᠷᠥᠯ ᠵᠦᠢᠯ ᠤᠨ ᠠᠳᠠᠯᠢᠳᠭᠠᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2024/5/29
      ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ ᠤᠨ ᠳᠠᠭᠠᠭᠠᠴᠢᠯᠠᠯᠲᠠ ᠵᠠᠷᠯᠠᠬᠤ ᠣᠷᠣᠯᠠᠨ ᠰᠢᠯᠢᠨ ᠰᠣᠩᠭᠤᠬᠤ ᠲᠥᠷᠥᠯ ᠵᠦᠢᠯ ᠨᠢ ᠨᠥᠬᠦᠴᠡᠯ ᠳᠤ ᠨᠡᠶᠢᠴᠡᠬᠦ ᠨᠡᠶᠢᠭᠡᠮ  ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ      ᠲᠥᠷᠥᠯ ᠵᠦᠢᠯ ᠤᠨ ᠨᠡᠷᠡᠶᠢᠳᠦᠯ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠰᠢᠯᠢᠨ ᠰᠣᠩᠭᠤᠬᠤ ᠲᠥᠷᠥᠯ ᠵᠦᠢᠯ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ ᠨᠢ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠨᠠᠶᠢᠳᠠᠵᠤ ᠳᠣᠣᠷᠠᠬᠢ ᠲᠥᠷᠥᠯ ᠵᠦᠢᠯ ᠢ ᠬᠤᠳᠠᠯᠳᠤᠨ ᠠᠪᠤᠨ᠎ᠠ᠄      ᠬᠤᠲᠣᠩ ᠠᠷᠠᠳ ᠶᠢᠨ ᠲᠣᠭᠤᠷᠢᠭ ᠤᠨ ᠳᠣᠯᠣᠳᠤᠭᠠᠷ ᠬᠡᠦᠬᠡᠳ ᠦᠨ ᠴᠡᠴᠡᠷᠯᠢᠭ  ︵ᠪᠢᠨ ᠬᠠᠢ ᠶᠠᠩ ᠭᠤᠸᠠᠩ︶ ᠤᠨ ᠭᠠᠳᠠᠷ ᠲᠠᠯᠠᠪᠠᠢ ᠶᠢ ᠳᠡᠭᠡᠭᠰᠢᠯᠡᠭᠦᠯᠦᠨ ᠥᠭᠡᠷᠡᠴᠢᠯᠡᠬᠦ ᠵᠢᠴᠢ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ      ᠬᠤᠶᠠᠷ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ      ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠡᠷᠡᠭᠵᠢᠭᠦᠯᠬᠦ ᠳᠦᠷᠢᠮ︾ ᠤᠨ ᠠᠷᠪᠠᠨ ᠳᠣᠯᠣᠳᠤᠭᠠᠷ ᠵᠦᠢᠯ ᠢ ᠦᠨᠳᠦᠰᠦᠯᠡᠪᠡᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠬᠠᠩᠭᠠᠯᠭ᠎ᠠ ᠶᠢᠨ ᠬᠤᠳᠠᠯᠳᠤᠭᠠᠴᠢᠨ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠤᠷᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠵᠦ᠂ ᠳᠣᠣᠷᠠᠬᠢ ᠮᠡᠲᠦ ᠮᠠᠲ᠋ᠧᠷᠢᠶᠠᠯ ᠢ ᠬᠠᠩᠭᠠᠬᠤ ᠬᠡᠷᠡᠭᠲᠡᠢ᠄      1.ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠦᠨᠡᠮᠯᠡᠯ ᠵᠡᠷᠭᠡ ᠭᠡᠷᠡᠴᠢᠯᠡᠬᠦ ᠪᠢᠴᠢᠭ ᠮᠠᠲ᠋ᠧᠷᠢᠶᠠᠯ᠂ ᠪᠠᠶᠢᠭᠠᠯᠢ ᠬᠥᠮᠥᠨ ᠤ ᠪᠡᠶ᠎ᠡ ᠶᠢᠨ ᠭᠡᠷᠡᠴᠢ ︵ᠡᠵᠡᠩᠨᠡᠯᠲᠡ ᠶᠢᠨ ᠦᠨᠡᠮᠯᠡᠯ ᠬᠠᠩᠭᠠᠬᠤ︶︔      2.ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠪᠦᠷᠢᠯᠳᠦᠭᠦᠯᠦᠭᠰᠡᠨ ᠭᠡᠷᠡᠴᠢ ᠮᠠᠲ᠋ᠠᠷᠢᠶᠠᠯ︔      3.ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ 3 ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠶᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠦᠭᠡᠢ ᠪᠢᠴᠢᠭ ᠤᠨ ᠢᠯᠡᠷᠬᠡᠶᠢᠯᠡᠯᠲᠡ︔      4.ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠢ ᠪᠦᠷᠢᠯᠳᠦᠭᠦᠯᠦᠭᠰᠡᠨ ᠭᠡᠷᠡᠴᠢ ᠮᠠᠲ᠋ᠧᠷᠢᠶᠠᠯ︔      5.ᠲᠣᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠬᠦᠯᠢᠶᠡᠬᠦ ᠦᠭᠡᠢ᠃      ︵ᠬᠤᠶᠠᠷ︶ ᠳᠠᠭᠠᠭᠠᠴᠢᠯᠠᠯᠲᠠ ᠬᠦᠯᠢᠶᠡᠭᠴᠢᠳ ᠡᠷᠬᠡᠪᠰᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠨᠧᠲ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠨᠧᠲ︾ ᠤᠨ ᠣᠷᠣᠯᠠᠬᠤ ᠪᠠᠶᠢᠭᠤᠯᠤᠮᠵᠢ ᠳᠤ ᠳᠠᠩᠰᠠᠯᠠᠭᠤᠯᠤᠨ ᠲᠡᠮᠳᠡᠭᠯᠡᠭᠦᠯᠵᠦ ᠬᠥᠮᠥᠷᠭᠡ ᠳᠤ ᠣᠷᠣᠭᠤᠯᠬᠤ ᠬᠡᠷᠡᠭᠲᠡᠢ᠃      ︵ᠭᠤᠷᠪᠠ ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠳᠤᠮᠳᠠ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠵᠢᠴᠢ ᠬᠡᠷᠡᠭᠯᠡᠬᠦ ᠢᠲᠡᠭᠡᠮᠵᠢ ᠶᠢᠨ ᠲᠡᠮᠳᠡᠭᠯᠡᠯ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠬᠥᠮᠥᠷᠭᠡ﹇2016﹈ 125 ᠳ᠋ᠤᠭᠠᠷ ᠲᠣᠭᠠᠲᠤ︶ ᠢ ᠦᠨᠳᠦᠰᠦᠯᠡᠨ᠂ ᠭᠤᠶᠤᠴᠢᠯᠠᠭᠴᠢ ᠶᠢ ᠰᠣᠩᠭᠤᠵᠤ ᠨᠡᠷ᠎ᠡ ᠮᠡᠳᠡᠭᠦᠯᠬᠦ ᠳᠤ᠂ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠥᠷᠲᠡᠭᠡ ᠶᠢ ᠪᠠᠶᠢᠴᠠᠭᠠᠨ ᠯᠠᠪᠯᠠᠬᠤ ᠪᠠᠷ ᠳᠠᠮᠵᠢᠭᠤᠯᠤᠨ ︽ᠢᠲᠡᠭᠡᠯ ᠠᠯᠳᠠᠭᠰᠠᠨ ᠭᠦᠢᠴᠡᠳᠬᠡᠭᠳᠡᠭᠴᠢ︾᠂ ︽ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠢ ᠶᠢᠨ ᠬᠥᠮᠥᠨ ᠤ ᠨᠡᠷᠡᠰ︾᠂ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠢ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠢ ᠪᠠᠶᠢᠴᠠᠭᠠᠨ ᠯᠠᠪᠯᠠᠵᠤ᠂ ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠦᠭᠡᠢ ︵︿ᠳᠤᠮᠳᠠᠳᠤ ᠤᠯᠤᠰ ᠤᠨ ᠬᠢᠨᠠᠭᠴᠢ ᠶᠢᠨ ᠪᠢᠴᠢᠭ ᠬᠠᠷ᠎ᠠ ᠶᠢᠨ ᠰᠦᠯᠵᠢᠶ᠎ᠡ﹀ ᠪᠠᠷ ᠪᠠᠷᠢᠮᠵᠢᠶ᠎ᠠ ᠪᠣᠯᠭᠠᠨ᠎ᠠ᠃︶      ᠭᠤᠷᠪᠠ᠂ ᠬᠠᠮᠢᠶ᠎ᠠ ᠪᠦᠬᠦᠢ ᠵᠦᠢᠯᠡᠰ      1.ᠮᠠᠲ᠋ᠧᠷᠢᠶᠠᠯ ᠢ ᠲᠤᠰᠢᠶᠠᠬᠤ ᠴᠠᠭ᠄ 2024 ᠣᠨ ᠤ 5 ᠰᠠᠷ᠎ᠠ ᠶᠢᠨ 28 ᠤ ᠡᠳᠦᠷ ᠠᠴᠠ 5 ᠰᠠᠷ᠎ᠠ ᠶᠢᠨ 31 ᠤ ᠡᠳᠦᠷ ︵ᠠᠵᠢᠯ ᠤᠨ ᠡᠳᠦᠷ ᠤᠨ ᠳᠣᠲᠣᠷ᠎ᠠ︶᠂ ᠦᠳᠡ ᠶᠢᠨ ᠡᠮᠦᠨ᠎ᠡ 9᠄ 00-11᠄ 30᠂ ᠦᠳᠡ ᠶᠢᠨ ᠬᠤᠶᠢᠨ᠎ᠠ 14᠄ 30-17᠄ 00      2.ᠪᠢᠴᠢᠭ ᠮᠠᠲ᠋ᠧᠷᠢᠶᠠᠯ ᠬᠦᠷᠭᠡᠬᠦ ᠭᠠᠵᠠᠷ᠄ ᠬᠤᠲᠣᠩ ᠠᠷᠠᠳ ᠤᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ      ᠳᠥᠷᠪᠡ᠂ ᠭᠠᠷᠳᠠᠭᠤᠯᠬᠤ ᠪᠢᠴᠢᠭ ᠮᠠᠲ᠋ᠧᠷᠢᠶᠠᠯ ᠳᠤ ᠡᠷᠬᠡᠪᠰᠢ ᠳᠣᠣᠷᠠᠬᠢ ᠮᠡᠲᠦ ᠮᠠᠲ᠋ᠧᠷᠢᠶᠠᠯ ᠢ ᠪᠠᠭᠲᠠᠭᠠᠬᠤ ᠬᠡᠷᠡᠭᠲᠡᠢ      1.ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠪᠣᠯ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔      2.ᠭᠡᠷ᠎ᠡ ᠶᠢ ᠭᠦᠢᠴᠡᠳᠬᠡᠬᠦ ᠳᠤ ᠡᠷᠬᠡᠪᠰᠢ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠬᠠᠩᠭᠠᠬᠤ ᠭᠡᠷᠡᠴᠢ ᠮᠠᠲ᠋ᠧᠷᠢᠶᠠᠯ ᠤᠨ ᠲᠤᠬᠠᠢ ᠢᠯᠡ ᠵᠠᠬᠢᠳᠠᠯ      3.︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠶᠢᠨ ᠳᠡᠩᠰᠡᠯᠡᠨ ᠲᠡᠮᠳᠡᠭᠯᠡᠭᠰᠡᠨ ᠣᠭᠲᠣᠯᠰᠠᠨ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ᠃      4.︽ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠲᠣᠣᠷ︾ ᠤᠨ ᠬᠡᠭᠡᠯᠢ ᠲᠦᠯᠬᠢᠬᠦ ᠵᠢᠷᠤᠭ      5.︽ᠢᠲᠡᠭᠡᠮᠵᠢᠲᠦ ᠳᠤᠮᠳᠠᠳᠤ ᠤᠯᠤᠰ︾ ᠬᠠᠩᠭᠠᠵᠤ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠳᠤ ᠵᠢᠭᠰᠠᠭᠠᠭᠳᠠᠭᠰᠠᠨ ᠦᠭᠡᠢ᠂ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠢ ᠶᠢᠨ ᠬᠥᠮᠥᠨ ᠤ ᠨᠡᠷᠡᠰ ᠢ ᠪᠠᠶᠢᠴᠠᠭᠠᠨ ᠯᠠᠪᠯᠠᠬᠤ ᠵᠢᠷᠤᠭ ᠲᠤ ᠵᠢᠭᠰᠠᠭᠠᠨ ᠣᠷᠣᠭᠤᠯᠤᠭᠰᠠᠨ ᠦᠭᠡᠢ︔      6.︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢ ᠬᠠᠩᠭᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠢ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠤᠭᠰᠠᠨ ᠦᠭᠡᠢ ᠪᠠᠶᠢᠴᠠᠭᠠᠨ ᠯᠠᠪᠯᠠᠬᠤ ᠵᠢᠷᠤᠭ︔      7.ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ 3 ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠠᠴᠠ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠦᠭᠡᠢ ᠪᠢᠴᠢᠭᠯᠡᠭᠰᠡᠨ ᠢᠯᠡᠷᠬᠡᠶᠢᠯᠡᠯ᠃      ᠲᠠᠶᠢᠯᠪᠤᠷᠢ᠄ ᠨᠡᠷ᠎ᠡ ᠮᠡᠳᠡᠭᠦᠯᠬᠦ ᠪᠠᠶᠢᠭᠤᠯᠤᠮᠵᠢ ᠨᠢ ᠲᠣᠭᠲᠠᠭᠠᠭᠰᠠᠨ ᠠᠭᠤᠯᠭ᠎ᠠ ᠶᠢᠨ ᠶᠣᠰᠣᠭᠠᠷ ᠨᠠᠷᠢᠨ ᠮᠠᠲ᠋ᠧᠷᠢᠶᠠᠯ ᠢ ᠨᠢᠭᠡ ᠯᠡ ᠬᠡᠯᠪᠡᠷᠢ ᠪᠠᠷ ᠭᠤᠷᠪᠠᠨ ᠬᠤᠪᠢ ᠲᠤᠰᠢᠶᠠᠵᠤ᠂ ᠬᠠᠮᠲᠤ ᠳᠤᠨᠢ ᠳᠡᠪᠲᠡᠷᠯᠡᠵᠦ᠂ ᠠᠯᠪᠠᠨ ᠲᠠᠮᠠᠭ᠎ᠠ ᠳᠠᠷᠤᠬᠤ ᠶᠢᠨ ᠬᠠᠮᠲᠤ ᠪᠢᠲᠡᠭᠦᠮᠵᠢᠯᠡᠵᠦ᠂ ᠬᠢᠨᠠᠨ ᠲᠣᠭᠲᠠᠭᠠᠯᠲᠠ ᠶᠢᠨ ᠠᠳᠠᠯᠢᠳᠬᠠᠨ ᠰᠣᠩᠭᠤᠬᠤ ᠳᠤ ᠬᠠᠩᠭᠠᠵᠤ᠂ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠳᠤ ᠨᠢᠭᠡᠳᠦᠭᠡᠷ ᠲᠤ ᠵᠢᠭᠰᠠᠭᠠᠭᠳᠠᠭᠰᠠᠨ ᠪᠠᠶᠢᠪᠠᠯ ᠨᠠᠶᠢᠳᠠᠨ ᠣᠷᠣᠯᠠᠬᠤ ᠪᠠᠶᠢᠭᠤᠯᠤᠮᠵᠢ ᠪᠠᠷ ᠲᠣᠭᠲᠠᠭᠠᠨ᠎ᠠ᠃      ᠲᠠᠪᠤ᠂ ᠬᠠᠷᠢᠯᠴᠠᠬᠤ ᠠᠷᠭ᠎ᠠ ᠮᠠᠶ᠋ᠢᠭ      ᠨᠢᠭᠡᠴᠢ ᠶᠢᠨ ᠨᠡᠷᠡᠶᠢᠳᠦᠯ᠄ ᠬᠤᠲᠣᠩ ᠠᠷᠠᠳ ᠶᠢᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ      ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠤᠸᠠᠩ ᠮᠢᠩ ᠶᠡᠭᠡ ᠵᠡᠭᠡᠯᠢ ᠶᠢᠨ ᠲᠡᠮᠦᠷ ᠵᠠᠮ ᠤᠨ ᠶᠠᠨ ᠬᠡ ᠬᠤᠷᠢᠶᠠᠯᠠᠯ ᠤᠨ ᠳᠣᠲᠣᠷ᠎ᠠ      ᠬᠠᠷᠢᠯᠴᠠᠬᠤ ᠬᠥᠮᠥᠨ᠄ ᠸᠠᠩ ᠯᠢ ᠷᠦᠩ      ᠬᠠᠷᠢᠯᠴᠠᠬᠤ ᠤᠲᠠᠰᠤ᠄ 15049117210      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号