ᠬᠤᠭ ᠨᠣᠪᠰᠢ ᠶᠢ ᠲᠦᠷᠦᠯ ᠬᠤᠪᠢᠶᠠᠬᠤ ᠰᠢᠨ᠎ᠡ ᠤᠷᠤᠰᠬᠠᠯ  ᠡᠯᠧᠺᠲᠷᠣᠨ ᠳᠡᠯᠭᠡᠴᠡ ᠳᠤ ᠴᠤᠭ ᠵᠢᠪᠬᠤᠭ᠎ᠠ ᠭᠠᠷᠭᠠᠬᠤ
ᠨᠡᠶᠢᠲᠡᠯᠡᠭᠰᠡᠨ ᠴᠠᠭ᠄
2024/5/30
      ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠭᠤᠯᠬᠤ ᠶᠢᠨ ᠲᠥᠯᠥᠭᠡ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠨᠠᠩ ᠰᠠᠶᠢᠲᠤᠷ ᠡᠵᠡᠮᠰᠢᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠭᠠᠷᠠᠭ ᠤᠨ ︽ᠬᠤᠲᠠ ᠶᠢᠨ ᠭᠠᠵᠠᠷ ᠤᠨ ᠲᠡᠮᠳᠡᠭ ᠢ ᠭᠡᠷᠡᠯᠲᠦᠭᠦᠯᠬᠦ ᠠᠵᠢᠯᠯᠠᠭ᠎ᠠ︾ ᠲᠠᠢ ᠤᠶᠠᠯᠳᠤᠭᠤᠯᠤᠨ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠬᠤᠲᠣᠩ ᠠᠷᠠᠳ ᠤᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠭᠡᠷ ᠬᠠᠷᠢᠶᠠᠲᠤ ᠣᠷᠣᠨ ᠤ ᠪᠠᠨ ᠣᠯᠠᠨ ᠡᠯᠧᠺᠲᠷᠣᠨ ᠳᠡᠯᠭᠡᠴᠡ ᠶᠢ ᠭᠦᠶ᠋ᠴᠡᠳ ᠠᠰᠢᠭᠯᠠᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠪᠠ᠃      ᠡᠲᠡᠭᠡᠷ ᠡᠯᠧᠺᠲᠷᠣᠨ ᠳᠡᠯᠭᠡᠴᠡ ᠨᠢ ᠡᠯ᠎ᠡ ᠴᠢᠬᠤᠯᠠ ᠲᠠᠯᠠᠪᠤᠷ ᠲᠤ ᠲᠠᠷᠬᠠᠵᠤ᠂ ᠵᠢᠱᠢᠶᠡᠯᠡᠪᠡᠯ ᠬᠠᠢ ᠯᠢᠶᠠᠩ ᠲᠠᠯᠠᠪᠠᠶ᠂ ᠵᠧᠨ ᠬᠤᠸᠠ ᠲᠠᠯᠠᠪᠠᠶ᠂ ᠵᠦᠸᠠᠨ ᠵᠢᠶᠣᠣ ᠰᠢᠶᠠᠩ ᠵᠡᠷᠭᠡ ᠲᠣᠮᠣ ᠬᠡᠯᠪᠡᠷᠢ ᠶᠢᠨ LED ᠳᠡᠯᠭᠡᠴᠡ ᠪᠠᠷ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠭᠠᠷᠠᠭ ᠤᠨ ᠵᠠᠷᠯᠠᠯ ᠪᠠ ᠤᠬᠠᠭᠤᠯᠭ᠎ᠠ ᠶᠢᠨ ᠸᠢᠳᠢᠤ᠋ ᠶᠢ ᠨᠠᠪᠲᠠᠷᠡᠭᠦᠯᠵᠦ᠂ ᠠᠮᠢᠳᠤᠯᠢᠭ ᠳᠦᠷᠰᠦᠯᠢᠭ ᠵᠢᠷᠤᠭ ᠪᠠ ᠲᠣᠪᠴᠢ ᠲᠣᠳᠣ ᠦᠰᠦᠭ ᠪᠢᠴᠢᠭ ᠢᠶᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠪᠠ ᠴᠢᠬᠤᠯᠠ ᠴᠢᠨᠠᠷ ᠢ ᠳᠠᠮᠵᠢᠭᠤᠯᠵᠠᠢ᠃ LED ᠳᠡᠯᠭᠡᠴᠡ ᠶᠢᠨ ᠦᠷᠭᠦᠯᠵᠢᠯᠡᠨ ᠨᠡᠪᠲᠡᠷᠡᠭᠦᠯᠬᠦ ᠨᠢ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ ᠣᠯᠠᠨ ᠤ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠲᠠᠨᠢᠯᠲᠠ ᠪᠠ ᠣᠷᠤᠯᠴᠠᠯᠭ᠎ᠠ ᠶᠢ ᠪᠦᠲᠦᠮᠵᠢᠲᠡᠶ ᠳᠡᠭᠡᠭᠰᠢᠯᠡᠭᠦᠯᠪᠡ᠃ ᠡᠭᠦᠨ ᠤ ᠬᠠᠮᠲᠤ᠂ ᠬᠤᠲᠠ ᠶᠢᠨ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠵᠦ᠂ ᠨᠠᠩ ᠣᠯᠠᠨ ᠬᠥᠮᠥᠨ ᠢ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠪᠠ᠃      ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠯᠪᠠᠨ ᠭᠡᠷ ᠡᠯᠧᠺᠲᠷᠣᠨ ᠳᠡᠯᠭᠡᠴᠡ᠂ ᠵᠠᠭᠤᠴᠢᠯᠠᠭᠤᠷ ᠵᠡᠷᠭᠡ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠪᠠᠷ ᠪᠤᠢ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号