ᠬᠠᠤᠯᠢ ᠴᠠᠭᠠᠵᠠ ᠶᠢᠨ ᠬᠦᠴᠦᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠠᠮᠠᠭᠠᠯᠠᠨ᠎ᠠ- ᠵᠦᠩ ᠱᠠᠨ ᠪᠠᠷᠠᠭᠤᠨ ᠵᠠᠮ ᠤᠨ ᠠᠷᠠᠳ ᠤᠨ ᠰᠢᠭᠦᠬᠦ ᠲᠢᠩᠬᠢᠮ ᠪᠠᠷᠠᠭ᠎ᠠ ᠬᠤᠳᠠᠯᠳᠤᠨ ᠠᠪᠬᠤ ᠲᠥᠪ ᠢ ᠰᠤᠷᠪᠤᠯᠵᠢᠯᠠᠵᠤ ᠵᠠᠷᠭᠤ ᠶᠢᠨ ᠢᠷᠡᠯᠲᠡ ᠶᠢᠨ ᠵᠠᠰᠠᠯᠲᠠ ᠶᠢᠨ ᠰᠢᠨ᠎ᠡ ᠬᠠᠭᠤᠳᠠᠰᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/5/30
     ᠬᠤᠳᠠᠯᠳᠤᠭᠠᠨ ᠤ ᠬᠦᠷᠢᠶᠡᠨ ᠤ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠠᠬᠢᠭᠤᠯᠵᠤ᠂ ᠬᠤᠳᠠᠯᠳᠤᠭᠠᠨ ᠤ ᠬᠦᠷᠢᠶᠡᠨ ᠤ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠦᠢᠯᠡᠴᠢᠯᠡᠵᠦ᠂ ᠡᠮᠬᠢ ᠵᠢᠷᠤᠮ ᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠲᠣᠩ ᠠᠷᠠᠳ ᠶᠢᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠵᠦᠩ ᠱᠠᠨ ᠪᠠᠷᠠᠭᠤᠨ ᠵᠠᠮ ᠤᠨ ᠠᠷᠠᠳ ᠤᠨ ᠰᠢᠭᠦᠬᠦ ᠲᠢᠩᠬᠢᠮ ᠲᠢᠩᠬᠢᠮ ᠤᠨ ᠳᠠᠷᠤᠭ᠎ᠠ ᠠᠯᠲᠠᠨᠴᠡᠴᠡᠭ ᠤᠨ ᠳᠠᠭᠠᠭᠤᠯᠭ᠎ᠠ ᠳᠣᠣᠷ᠎ᠠ᠂ ᠬᠠᠷᠢᠶᠠᠲᠤ ᠣᠷᠣᠨ ᠤ ᠮᠣᠣ ᠶᠧ ᠪᠠᠷᠠᠭ᠎ᠠ ᠬᠤᠳᠠᠯᠳᠤᠨ ᠠᠪᠬᠤ ᠲᠥᠪ ᠢ ᠲᠤᠬᠠᠢ ᠶᠢᠨ ᠭᠠᠵᠠᠷ ᠲᠤᠨᠢ ᠬᠦᠷᠴᠦ᠂ ᠬᠤᠳᠠᠯᠳᠤᠭᠠᠨ ᠤ ᠶᠡᠷᠦᠩᠬᠡᠢ ᠴᠣᠭᠴᠠ ᠶᠢᠨ ᠡᠵᠡᠩᠨᠡᠯᠲᠡ ᠶᠢᠨ ᠪᠣᠳᠠᠲᠤ ᠪᠠᠶᠢᠳᠠᠯ ᠢ ᠭᠦᠨᠵᠡᠭᠡᠢ ᠣᠶᠢᠯᠠᠭᠠᠵᠤ᠂ ᠳᠠᠯᠳᠠ ᠬᠠᠤᠯᠢ ᠴᠠᠭᠠᠵᠠ ᠶᠢᠨ ᠲᠦᠭᠰᠢᠭᠦᠷᠢ ᠶᠢ ᠪᠠᠶᠢᠴᠠᠭᠠᠵᠤ᠂ ᠬᠤᠳᠠᠯᠳᠤᠭᠠᠨ ᠤ ᠵᠢᠭᠤᠷᠠᠯᠳᠤᠭᠠᠨ ᠢ ᠡᠬᠢ ᠡᠭᠦᠰᠦᠯ ᠠᠴᠠ  ᠨᠢ ᠪᠠᠭᠠᠰᠬᠠᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠷᠡᠭᠦᠯ ᠬᠥᠭᠵᠢᠯᠲᠡ ᠶᠢ ᠪᠠᠲᠤᠯᠠᠪᠠ᠃
     ᠰᠤᠷᠪᠤᠯᠵᠢᠯᠠᠬᠤ ᠶᠠᠪᠤᠴᠠ ᠳᠤ᠂ ᠲᠢᠩᠬᠢᠮ ᠤᠨ ᠳᠠᠷᠤᠭ᠎ᠠ ᠠᠯᠲᠠᠨᠴᠡᠴᠡᠭ ᠨᠠᠷ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠨ᠂ ᠪᠠᠷᠠᠭ᠎ᠠ ᠬᠤᠳᠠᠯᠳᠤᠨ ᠠᠪᠬᠤ ᠲᠥᠪ ᠤᠨ ᠬᠠᠮᠢᠶᠠᠷᠤᠯᠲᠠ ᠶᠢᠨ ᠳᠠᠪᠬᠤᠷᠭ᠎ᠠ᠂ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠵᠢᠴᠢ ᠬᠡᠷᠡᠭᠯᠡᠭᠴᠢ ᠲᠠᠢ ᠨᠢᠭᠤᠷᠲᠠᠨ ᠨᠡᠪᠲᠡᠷᠡᠯᠴᠡᠵᠦ᠂ ᠡᠯ᠎ᠡ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠪᠠᠶᠢᠳᠠᠯ᠂ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠵᠢᠴᠢ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠲᠦᠷᠢᠶᠡᠰᠦᠯᠡᠬᠦ ᠭᠡᠷ᠎ᠡ ᠶᠢᠨ ᠵᠢᠭᠤᠷᠠᠯᠳᠤᠭᠠᠨ᠂ ᠬᠡᠷᠡᠭᠯᠡᠭᠡᠨ ᠤ ᠮᠠᠷᠭᠤᠯᠳᠤᠭᠠᠨ ᠵᠡᠷᠭᠡ ᠣᠯᠠᠨ ᠳᠠᠪᠲᠠᠮᠵᠢᠲᠤ ᠵᠢᠭᠤᠷᠠᠯᠳᠤᠭᠠᠨ ᠤ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠲᠤᠬᠠᠢ ᠶᠢᠨ ᠲᠠᠯᠠᠪᠠᠶ ᠳᠤ ᠬᠤᠳᠠᠯᠳᠤᠭᠠᠴᠢᠨ ᠡᠷᠦᠬᠡ ᠳᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠤᠳᠠᠯᠳᠤᠭᠠᠴᠢᠳ ᠢ ᠬᠠᠪᠰᠤᠷᠤᠨ ᠬᠠᠤᠯᠢ ᠴᠠᠭᠠᠵᠠ ᠶᠢᠨ ᠤᠬᠠᠮᠰᠠᠷ ᠢ ᠨᠢ ᠨᠡᠮᠡᠭᠳᠡᠭᠦᠯᠦᠨ᠂ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠪᠡ᠃ ᠤᠷᠢᠳᠠᠴᠢ ᠴᠢᠨᠠᠷᠲᠠᠢ ᠬᠠᠤᠯᠢ ᠴᠠᠭᠠᠵᠠ ᠶᠢᠨ ᠦᠢᠯᠡᠴᠢᠯᠡᠭᠡ ᠪᠠᠷ ᠳᠠᠮᠵᠢᠭᠤᠯᠤᠨ᠂ ᠵᠢᠭᠤᠷᠠᠯᠳᠤᠭᠠᠨ ᠢ ᠵᠠᠭᠠᠯᠳᠤᠭᠰᠠᠨ ᠦᠭᠡᠢ ᠪᠣᠯ ᠵᠣᠭᠰᠣᠭᠠᠵᠤ᠂ ᠴᠢᠬᠤᠯᠠ ᠪᠤᠰᠤ ᠵᠠᠷᠭᠤ ᠶᠢᠨ ᠳᠠᠷᠤᠭᠠᠰᠤ ᠶᠢ ᠪᠠᠭᠠᠰᠬᠠᠵᠤ᠂ ᠨᠡᠶᠢᠭᠡᠮ ᠤᠨ ᠪᠦᠬᠦᠯᠢ ᠴᠣᠭᠴᠠ ᠶᠢᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃
     ᠵᠦᠩ ᠱᠠᠨ ᠪᠠᠷᠠᠭᠤᠨ ᠵᠠᠮ ᠨᠢ ᠬᠥᠬᠡᠬᠤᠲᠠ ᠶᠢᠨ ᠭᠤᠣᠯ ᠬᠤᠳᠠᠯᠳᠤᠭᠠᠨ ᠤ ᠭᠠᠵᠠᠷ ᠪᠣᠯᠤᠭᠰᠠᠨ ᠤ ᠬᠤᠪᠢ ᠳᠤ᠂ ᠬᠤᠳᠠᠯᠳᠤᠭᠠᠨ ᠤ ᠠᠵᠢᠯᠯᠠᠭ᠎ᠠ ᠨᠢ ᠨᠢᠭᠲᠠ ᠪᠠᠶᠢᠵᠤ᠂ ᠬᠤᠳᠠᠯᠳᠤᠭᠠᠨ ᠤ ᠶᠠᠪᠤᠳᠠᠯ ᠤᠨ ᠭᠤᠣᠯ ᠴᠣᠭᠴᠠ  ᠨᠢ ᠮᠠᠰᠢ ᠣᠯᠠᠨ ᠪᠠᠶᠢᠵᠤ᠂ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠠᠮᠠᠷᠬᠠᠨ ᠡᠭᠦᠰᠳᠡᠭ᠃ ᠬᠤᠲᠣᠩ ᠠᠷᠠᠳ ᠶᠢᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠵᠦᠩ ᠱᠠᠨ ᠪᠠᠷᠠᠭᠤᠨ ᠵᠠᠮ ᠤᠨ ᠠᠷᠠᠳ ᠤᠨ ᠰᠢᠭᠦᠬᠦ ᠲᠢᠩᠬᠢᠮ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠤᠷᠤᠭᠰᠢᠯᠠᠭᠤᠯᠬᠤ᠂ ᠬᠤᠳᠠᠯᠳᠤᠭᠠᠨ ᠤ ᠬᠡᠪᠴᠢᠶᠡᠨ ᠳᠣᠲᠣᠷᠠᠬᠢ ᠡᠯ᠎ᠡ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠬᠤ᠂ ᠲᠤᠬᠠᠢ ᠶᠢᠨ ᠭᠠᠵᠠᠷ ᠲᠤᠨᠢ ᠠᠷᠢᠯᠭᠠᠬᠤ᠂ ᠲᠦᠷᠭᠡᠨ ᠰᠢᠢᠳᠪᠦᠷᠢᠯᠡᠬᠦ ᠶᠢ ᠠᠬᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠳᠤᠮᠳᠠ ︽ᠪᠠᠭ᠎ᠠ ᠶᠠᠪᠤᠳᠠᠯ ᠢ ᠳᠡᠯᠭᠡᠭᠦᠷ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠵᠡᠭᠡᠯᠢ ᠠᠴᠠ ᠭᠠᠷᠭᠠᠬᠤ ᠦᠭᠡᠢ︾ ᠶᠢ ᠪᠡᠶᠡᠯᠡᠭᠦᠯᠵᠦ᠂ ᠵᠢᠭᠤᠷᠠᠯᠳᠤᠭᠠᠨ ᠢ ᠡᠭᠦᠰᠦᠮᠡᠭᠴᠡ ᠠᠷᠢᠯᠭᠠᠵᠤ᠂ ᠠᠷᠠᠳ ᠣᠯᠠᠨ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠥᠨᠳᠥᠷ ᠦᠷ᠎ᠡ ᠪᠦᠲᠦᠮᠵᠢ ᠲᠠᠢ ᠪᠠᠷ ᠦᠢᠯᠡᠴᠢᠯᠡᠵᠦ᠂ ᠲᠥᠪ ᠬᠤᠲᠠ ᠶᠢᠨ ᠠᠵᠤ ᠠᠬᠤᠢ ᠶᠢᠨ ᠬᠥᠭᠵᠢᠯᠲᠡ ᠳᠤ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号