︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠢᠷᠡᠯᠲᠡ ᠶᠢᠨ ᠴᠡᠭ ᠲᠤ ᠪᠤᠴᠠᠬᠤ︾ ᠬᠤᠲᠣᠩ ᠠᠷᠠᠳ ᠤᠨ ᠲᠣᠭᠤᠷᠢᠭ ᠤᠨ ᠰᠢᠶᠠᠨ ᠹᠦ᠋ ᠵᠡᠭᠡᠯᠢ ᠶᠢᠨ ᠪᠠᠭ᠎ᠠ ᠰᠤᠷᠭᠠᠭᠤᠯᠢ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠤ ᠪᠠᠶᠠᠷ ᠢ ᠡᠷᠭᠢᠯᠡᠪᠡ
ᠨᠡᠶᠢᠲᠡᠯᠡᠭᠰᠡᠨ ᠴᠠᠭ᠄
2024/5/30
      ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠤᠷᠤᠭᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠮᠢᠳᠤᠷᠠᠯ ᠢ ᠬᠥᠭᠵᠢᠭᠡᠨ᠂ ᠬᠡᠪ ᠴᠢᠨᠠᠷ ᠤᠨ ᠰᠤᠷᠭᠠᠨ ᠬᠥᠮᠦᠵᠢᠯ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 28  ᠤ ᠡᠳᠦᠷ᠂ ᠬᠤᠲᠣᠩ ᠠᠷᠠᠳ ᠶᠢᠨ ᠲᠣᠭᠤᠷᠢᠭ ᠤᠨ ᠰᠢᠶᠠᠨ ᠹᠦ ᠵᠡᠭᠡᠯᠢ ᠶᠢᠨ ᠪᠠᠭ᠎ᠠ ᠰᠤᠷᠭᠠᠭᠤᠯᠢ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠢᠷᠡᠯᠲᠡ ᠶᠢᠨ ᠴᠡᠭ ᠲᠤ ᠪᠤᠴᠠᠬᠤ︾︱ ᠰᠢᠨᠵᠢᠯᠡᠬᠦ ᠤᠬᠠᠭᠠᠨᠴᠢ ᠴᠢᠳᠠᠪᠤᠷᠢ ᠣᠯᠭᠤᠵᠤ ᠰᠢᠨ᠎ᠡ ᠶᠢ ᠡᠭᠦᠳᠬᠦ ᠦᠢᠯᠡᠳᠦᠯᠭᠡ ᠶᠢᠨ ᠦᠵᠡᠭᠦᠯᠦᠯᠭᠡ ᠶᠢᠨ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠤ ᠪᠠᠶᠠᠷ ᠤᠨ ᠠᠵᠢᠯᠯᠠᠭ᠎ᠠ ᠥᠷᠨᠢᠭᠦᠯᠵᠡᠢ᠃
     ︽ᠰᠤᠷᠤᠭᠴᠢᠳ ᠠ᠋᠂ ᠪᠢᠳᠡ ᠵᠠᠯᠭᠠᠭᠠᠳ ᠡᠨᠡ ᠬᠦ ᠤᠰᠤ ᠶᠠᠮᠠᠷ ᠬᠤᠪᠢᠷᠠᠯᠲᠠ ᠭᠠᠷᠬᠤ ᠶᠢ ᠣᠯᠠᠨ ᠢᠶᠠᠷ ᠢᠶᠠᠨ ᠲᠠᠭᠠᠮᠠᠭᠯᠠᠵᠤ ᠦᠵᠡ︾ ᠭᠡᠪᠡ᠃ ᠠᠵᠢᠯᠯᠠᠭ᠎ᠠ ᠨᠢ ᠲᠤᠰᠬᠠᠢ ᠮᠡᠷᠭᠡᠵᠢᠯᠲᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠪᠦᠬᠦ᠋ᠢᠯᠡ ᠲᠣᠭᠯᠠᠯᠲᠠ ᠨᠢ ᠰᠣᠨᠢᠷᠬᠠᠯᠲᠤ ᠬᠢᠮᠢ᠂ ᠹᠢᠽᠢᠺ ᠤᠨ ᠲᠤᠷᠰᠢᠯᠲᠠ ᠶᠢᠨ ᠦᠵᠡᠭᠳᠡᠯ ᠢ ᠳᠡᠯᠭᠡᠨ ᠦᠵᠡᠭᠦᠯᠬᠦ ᠶᠢᠨ ᠬᠠᠮᠲᠤ᠂ ᠰᠣᠯᠪᠢᠴᠠᠭᠰᠠᠨ ᠲᠠᠰᠢᠷᠠᠮ ᠢᠶᠠᠷ ᠠᠰᠠᠭᠤᠯᠲᠠ ᠠᠰᠠᠭᠤᠬᠤ ᠪᠠ ᠮᠡᠳᠡᠯᠭᠡ ᠶᠢᠨ ᠲᠠᠶᠢᠯᠤᠮᠵᠢ ᠬᠢᠵᠦ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠭᠦᠨ ᠵᠤᠵᠠᠭᠠᠨ ᠳᠤᠷ᠎ᠠ ᠰᠣᠨᠢᠷᠬᠠᠯ ᠢ ᠲᠠᠲᠠᠵᠤ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠴᠤ ᠣᠯᠠᠨ ᠤ ᠳᠤᠮᠳᠠ ᠬᠥᠷ ᠬᠥᠭᠵᠢᠶᠡᠨ ᠲᠠᠢ ᠪᠣᠯᠪᠠ᠃
     ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠶᠢᠨ ᠲᠥᠯᠥᠭᠡ᠂ ᠰᠤᠷᠭᠠᠭᠤᠯᠢ ᠶᠢᠨ ᠲᠤᠬᠠᠢ ᠶᠢᠨ ᠲᠠᠯᠠᠪᠠᠶ ᠳᠤ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠶᠢᠨ ᠳᠡᠳ᠋ ᠳᠠᠷᠤᠭ᠎ᠠ ᠸᠠᠩ ᡁᠢ ᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠯᠢ ᠣᠶᠤᠨᠭᠡᠷᠡᠯ᠂ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠭᠡᠮᠯᠢᠭ ᠤᠨ ᠳᠠᠷᠤᠭ᠎ᠠ ᠶᠦᠨ ᠰᠢᠶᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠣᠯᠢᠯᠴᠠᠭᠠᠨ ᠤ ᠨᠡᠶᠢᠭᠡᠮᠯᠢᠭ ᠤᠨ ᠳᠠᠷᠤᠭ᠎ᠠ ᠯᠢ ᠬᠠᠢ ᠨᠠ ᠵᠡᠷᠭᠡ ᠬᠥᠮᠥᠰ ᠲᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋ ᠵᠠᠬᠢᠷᠤᠯ ᠤᠨ ᠤᠷᠢᠯᠭ᠎ᠠ ᠶᠢᠨ ᠪᠢᠴᠢᠭ ᠭᠠᠷᠳᠠᠭᠤᠯᠪᠠ᠃
     ᠪᠡᠶ᠎ᠡ ᠶᠢᠨ ᠲᠠᠮᠢᠷ ᠤᠨ ᠳᠠᠯᠠᠪᠠᠢ ᠶᠢᠨ ᠳᠦᠷᠪᠡᠨ ᠲᠠᠯ᠎ᠠ ᠳᠤ ᠰᠤᠷᠭᠠᠭᠤᠯᠢ ᠨᠢ ᠪᠠᠰᠠ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ︾ ᠦᠵᠡᠭᠦᠯᠭᠡ ᠶᠢᠨ ᠠᠵᠢᠯᠯᠠᠭ᠎ᠠ ᠥᠷᠨᠢᠭᠦᠯᠵᠡᠢ᠃ ᠨᠠᠷᠢᠨ ᠨᠢᠮᠪᠠᠢ ᠪᠠᠶᠢᠷᠢᠯᠠᠭᠤᠯᠤᠭᠰᠠᠨ ᠦᠵᠡᠭᠦᠯᠭᠡ ᠶᠢᠨ ᠪᠠᠶᠢᠷᠢ ᠳᠡᠭᠡᠷ᠎ᠡ᠂ ᠵᠢᠯᠣᠭᠤᠴᠢ ᠥᠬᠡᠶ ᠨᠢᠰᠬᠡᠯ᠂ ᠮᠠᠰᠢᠨ ᠬᠦᠮᠦᠨ᠂ AR ᠫᠷᠣᠭ᠍ᠷᠠᠮ᠂ ᠠᠪᠤᠷᠭᠤ ᠵᠢᠭᠠᠰᠤᠨ ᠤ ᠬᠢᠴᠢᠶᠡᠯ ᠵᠡᠷᠭᠡ ᠨᠡᠶᠢᠭᠡᠮ ᠤᠨ ᠪᠦᠯᠬᠦᠮ ᠤᠨ ᠳᠡᠯᠭᠡᠨ ᠦᠵᠡᠭᠦᠯᠦᠭᠰᠡᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠬᠦᠨ ᠪᠠ ᠲᠤᠷᠰᠢᠯᠲᠠ ᠶᠢᠨ ᠬᠡᠷᠡᠭᠰᠡᠯ ᠪᠠᠶᠢᠬᠤ ᠡᠰᠡᠬᠦ᠂ ᠪᠠᠰᠠ ᠡᠯ᠎ᠡ ᠣᠨ᠂ ᠡᠯ᠎ᠡ ᠠᠩᠭᠢ ᠶᠢᠨ ᠰᠤᠷᠤᠭᠴᠢᠳ ᠤᠨ ᠳᠡᠯᠭᠡᠨ ᠦᠵᠡᠭᠦᠯᠦᠭᠰᠡᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠲᠥᠷᠥᠯ ᠵᠦᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠪᠠᠶᠢᠨ᠎ᠠ᠃
     ︽ᠡᠨᠡ ᠬᠦ ᠤᠰᠤᠨ ᠬᠥᠳᠡᠯᠭᠡᠬᠦ ᠬᠦᠴᠦᠨ ᠤ ᠰᠠᠯᠬᠢᠨ ᠬᠦᠷᠳᠦᠲᠦ ᠮᠠᠰᠢᠨ ᠢ ᠦᠵᠡᠶ᠎ᠡ︾ ︽ᠪᠠᠭᠰᠢ ᠠ᠋᠂ ᠮᠠᠨ ᠤ ᠡᠨᠡ ᠬᠦ ᠲᠤᠷᠰᠢᠯᠲᠠ ᠶᠢᠨ ᠬᠡᠷᠡᠭᠯᠡᠯᠲᠡ ᠨᠢ ᠰᠣᠯᠣᠩᠭᠠᠨ ᠤᠭᠲᠤᠬᠤ ᠤᠭ ᠶᠣᠰᠣ︾ ︽ᠸᠠ᠂ ᠭᠠᠷ ᠲᠤ ᠭᠠᠯ ᠨᠣᠴᠣᠵᠤ ᠪᠠᠶᠢᠪᠠᠴᠤ ᠭᠠᠯᠠᠭᠤᠨ ᠦᠭᠡᠢ᠁︾ ᠦᠵᠡᠭᠦᠯᠭᠡ ᠶᠢᠨ ᠪᠠᠶᠢᠷᠢ ᠨᠢᠭᠡᠪᠦᠷᠢ ᠶᠢᠨ ᠡᠮᠦᠨ᠎ᠡ ᠴᠥᠮ ᠲᠤᠰᠬᠠᠢ ᠮᠡᠷᠭᠡᠵᠢᠯ ᠤᠨ ᠠᠵᠢᠯᠲᠠᠨ᠂ ᠪᠠᠭᠰᠢ ᠨᠠᠷ ᠪᠣᠯᠣᠨ ᠰᠤᠷᠤᠭᠴᠢᠳ ᠤᠨ ᠲᠤᠷᠰᠢᠯᠲᠠ ᠶᠢᠨ ᠦᠵᠡᠭᠦᠯᠦᠯᠭᠡ ᠪᠠ ᠰᠢᠨᠵᠢᠯᠡᠬᠦ ᠤᠬᠠᠭᠠᠨ ᠤ ᠮᠡᠳᠡᠯᠭᠡ ᠶᠢ ᠲᠠᠶᠢᠯᠪᠤᠷᠢᠯᠠᠨ ᠤᠬᠠᠭᠤᠯᠵᠤ᠂ ᠦᠵᠡᠰᠬᠦᠯᠡᠩ ᠳᠤ ᠣᠷᠣᠯᠴᠠᠭᠰᠠᠨ ᠪᠤᠰᠤᠳ ᠪᠠᠭᠰᠢ ᠰᠤᠷᠤᠭᠴᠢᠳ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠬᠦᠨ ᠪᠠ ᠰᠣᠨᠢᠷᠬᠠᠯ ᠤᠨ ᠲᠤᠷᠰᠢᠯᠲᠠ ᠶᠢ ᠦᠵᠡᠬᠦ ᠪᠠ ᠪᠡᠶ᠎ᠡ ᠪᠠᠷ ᠢᠶᠠᠨ ᠪᠡᠶᠡᠴᠢᠯᠡᠨ ᠣᠶᠢᠯᠠᠭᠠᠵᠤ ᠪᠣᠯᠬᠤ ᠪᠠᠷ ᠪᠠᠷᠠᠬᠤ ᠦᠭᠡᠢ᠂ ᠪᠠᠶᠠᠷ ᠪᠠᠶᠠᠰᠬᠤᠯᠠᠩ ᠲᠠᠢ ᠢᠨᠢᠶᠡᠳᠦ ᠪᠠᠷ ᠳᠠᠮᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠬᠦᠨ ᠤ ᠴᠢᠳᠠᠮᠵᠢ ᠪᠠ ᠲᠤᠷᠰᠢᠯᠲᠠ ᠶᠢᠨ ᠦᠨᠳᠦᠰᠦᠯᠡᠯ ᠢ ᠣᠶᠢᠯᠠᠭᠠᠵᠤ᠂ ᠪᠠᠰᠠ ᠥᠪᠡᠷ ᠤᠨ ᠪᠠᠭ᠋ᠠᠷᠬᠠᠳᠠᠭ ᠦᠵᠡᠭᠦᠯᠭᠡ ᠶᠢᠨ ᠪᠠᠶᠢᠷᠢ ᠳᠤ ᠪᠠᠨ ᠥᠯᠵᠡᠶᠢᠲᠦ ᠡᠳ᠋ ᠢᠶᠠᠨ ᠨᠠᠭᠠᠵᠤ ᠪᠢᠯᠧᠲ ᠥᠭᠴᠦ ᠪᠣᠯᠣᠨ᠎ᠠ᠃
     ᠰᠢᠨᠵᠢᠯᠡᠬᠦ ᠤᠬᠠᠭᠠᠨ ᠮᠡᠷᠭᠡᠵᠢᠯ ᠮᠠᠨᠳᠤᠪᠠᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠮᠡᠷᠭᠡᠵᠢᠯ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠵᠦ᠂ ᠵᠠᠯᠠᠭᠤᠴᠤᠳ ᠮᠠᠨᠳᠤᠪᠠᠯ ᠤᠯᠤᠰ ᠣᠷᠣᠨ ᠮᠠᠨᠳᠤᠵᠤ᠂ ᠵᠠᠯᠠᠭᠤᠴᠤᠳ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠤᠷᠤᠭᠴᠢᠳ ᠲᠤ ᠥᠪᠡᠷ ᠢ ᠪᠠᠨ ᠳᠡᠯᠭᠡᠨ ᠦᠵᠡᠭᠦᠯᠬᠦ᠂ ᠰᠢᠨᠵᠢᠯᠡᠬᠦ ᠤᠬᠠᠭᠠᠨ ᠤ ᠬᠠᠷᠠᠭ᠎ᠠ ᠶᠢ ᠥᠷᠭᠡᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠢ ᠦᠨᠡᠨ ᠬᠦ ᠣᠶᠢᠯᠠᠭᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠭᠤᠯᠢ ᠳᠤ ᠣᠷᠣᠬᠤ ᠨᠥᠯᠥᠭᠡᠯᠡᠬᠦ ᠬᠦᠴᠦᠨ᠂ ᠨᠥᠯᠥᠭᠡᠯᠡᠬᠦ ᠬᠦᠴᠦᠨ ᠪᠠ ᠳᠠᠶᠢᠴᠢᠯᠠᠬᠤ ᠬᠦᠴᠦᠨ ᠢ ᠤᠯᠠᠮ ᠨᠢᠭᠡ ᠠᠯᠬᠤᠮ ᠥᠷᠭᠡᠳᠬᠡᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠪᠦᠲᠦᠮᠵᠢᠲᠡᠶ ᠬᠥᠭᠵᠢᠭᠡᠭᠰᠡᠨ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号