ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠳᠤ ᠰᠢᠨ᠎ᠡ ᠬᠦᠴᠦᠨ ᠨᠡᠮᠡᠷᠢᠯᠡᠨ᠎ᠡ︕ ︽ᠬᠢᠨᠠᠨ ᠪᠠᠶᠢᠴᠠᠭᠠᠬᠤ+ᠲᠣᠣᠷᠴᠢᠯᠠᠭᠰᠠᠨ ᠬᠠᠮᠢᠶᠠᠷᠤᠯᠲᠠ︾ ᠬᠠᠤᠯᠢ ᠪᠠᠷ ᠵᠠᠰᠠᠬᠤ ︽ᠲᠣᠰᠣ ᠨᠡᠮᠡᠬᠦ ᠥᠷᠲᠡᠭᠡ︾ ᠶᠢ ᠬᠠᠮᠲᠤ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2024/5/30
      5 ᠰᠠᠷ᠎ᠠ ᠶᠢᠨ 27 ᠤ ᠡᠳᠦᠷ᠂ ᠬᠤᠲᠣᠩ ᠠᠷᠠᠳ ᠶᠢᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ︽ᠴᠢᠩ ᠷᠦᠢ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠥᠷᠲᠡᠭᠡ︾ ᠳᠤ ᠰᠢᠨ᠎ᠡ ᠭᠡᠰᠢᠭᠦᠨ ᠨᠡᠮᠡᠵᠦ᠂ ᠨᠠᠰᠤᠨ ᠳᠤ ᠦᠯᠦ ᠬᠦᠷᠦᠭᠰᠡᠳ ᠲᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠳᠤ ᠰᠢᠨ᠎ᠡ ᠬᠦᠴᠦᠨ ᠨᠡᠮᠡᠷᠢᠯᠡᠪᠡ᠃
     ᠲᠣᠰ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠷᠢᠶᠠᠨ ᠤ ︽ᠴᠢᠩ ᠷᠦᠢ ᠡᠭᠡᠴᠢ︾ ᠶᠢ ᠤᠷᠢᠨ ᠲᠣᠮᠢᠯᠠᠬᠤ ᠶᠣᠰᠣᠯᠠᠯ ᠠᠮᠵᠢᠯᠴᠢᠨ ᠨᠡᠶᠢᠭᠡᠮ ᠲᠣᠭᠤᠷᠢᠭ ᠲᠤ ᠶᠠᠪᠤᠭᠳᠠᠵᠤ᠂ ᠨᠡᠶᠢᠭᠡᠮ ᠲᠣᠭᠤᠷᠢᠭ ᠤᠨ 11 ᠲᠣᠣᠷᠴᠢᠯᠠᠭᠰᠠᠨ ᠰᠦᠯᠵᠢᠶᠡᠨ ᠤ ᠠᠵᠢᠯᠲᠠᠨ ᠳᠤ ︽ᠴᠢᠩ ᠷᠦᠢ ᠡᠭᠡᠴᠢ︾ ᠶᠢᠨ ᠬᠤᠯᠪᠣᠭᠠᠴᠢᠨ ᠢ ᠤᠷᠢᠨ ᠲᠣᠮᠢᠯᠠᠬᠤ ᠦᠨᠡᠮᠯᠡᠯ ᠣᠯᠭᠤᠪᠠ᠃ ᠤᠷᠢᠨ ᠲᠣᠮᠢᠯᠠᠬᠤ ᠶᠣᠰᠣᠯᠠᠯ ᠤᠨ ᠳᠠᠷᠠᠭ᠎ᠠ᠂ ᠰᠡᠳᠬᠢᠴᠡ ᠶᠢᠨ ᠵᠦᠢ ᠲᠤᠰᠬᠠᠢ ᠮᠡᠷᠭᠡᠵᠢᠯᠲᠡᠨ ᠵᠢᠶᠣᠣ ᠯᠢ ᠷᠦ᠋ ︽ᠴᠢᠩ ᠷᠦᠢ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠥᠷᠲᠡᠭᠡ︾ ᠪᠠᠷ ︽ᠬᠡᠦᠬᠡᠳ ᠢᠶᠠᠨ ᠳᠠᠭᠠᠵᠤ ᠰᠤᠷᠤᠯᠴᠠᠬᠤ ᠡᠵᠢ︾ ᠳᠤ ᠤᠷᠮ᠎ᠠ ᠰᠡᠳᠬᠢᠯᠭᠡ ᠶᠢᠨ ᠬᠠᠮᠢᠶᠠᠷᠤᠯᠲᠠ ᠪᠠ ᠰᠡᠳᠬᠢᠴᠡ ᠶᠢᠨ ᠲᠣᠬᠢᠷᠠᠭᠤᠯᠤᠯᠲᠠ ᠶᠢᠨ ᠠᠷᠭ᠎ᠠ ᠪᠠ ᠤᠷ᠎ᠠ ᠮᠡᠷᠭᠡᠵᠢᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃      ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠳᠠᠪᠠᠭᠤᠯᠢᠭ ᠢ ᠠᠰᠢᠭᠯᠠᠨ᠂ ᠮᠠᠨ ᠤ ᠬᠤᠷᠢᠶ᠎ᠠ ︽ᠬᠠᠨᠢᠲᠠᠨ︾ ᠤ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠡᠬᠢ ᠪᠠᠶᠠᠯᠢᠭ ᠵᠢᠴᠢ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠮᠤᠷ ᠢ ᠬᠠᠮᠠᠭᠠᠯᠠᠬᠤ ᠦᠭᠡᠢ ᠥᠷᠲᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠳᠤ ᠲᠦᠰᠢᠭᠯᠡᠨ᠂ 2023 ᠣᠨ ᠳᠤ ᠠᠵᠠᠴᠢᠨ ᠨᠡᠶᠢᠭᠡᠮ ᠲᠣᠭᠤᠷᠢᠭ ᠲᠤ ︽ᠴᠢᠩ ᠷᠦᠢ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠥᠷᠲᠡᠭᠡ︾ ᠶᠢ ᠪᠠᠶᠢᠭᠤᠯᠪᠠ᠃ ᠵᠢᠯ ᠭᠠᠷᠤᠢ ᠶᠢᠨ ᠤᠷᠤᠭᠰᠢᠲᠠᠢ ᠠᠵᠢᠯᠯᠠᠭ᠎ᠠ ᠪᠠᠷ ᠳᠡᠮᠵᠢᠨ᠂ ᠣᠯᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠢ ᠬᠥᠮᠥᠵᠢᠭᠦᠯᠦᠨ ︽ᠴᠢᠩ ᠷᠦᠢ ᠡᠭᠡᠴᠢ︾ ᠶᠢᠨ ᠬᠤᠯᠪᠣᠭᠠᠴᠢᠨ ᠪᠣᠯᠭᠠᠵᠤ᠂ ᠬᠠᠷᠢᠶᠠᠲᠤ ᠣᠷᠣᠨ ᠤ ᠨᠠᠰᠤᠨ ᠳᠤ ᠥᠯᠥ ᠭᠦᠷᠦᠭᠰᠡᠳ᠂ ᠢᠯᠠᠩᠭᠤᠶ᠎ᠠ ᠳᠡᠩᠰᠡᠯᠡᠨ ᠺᠠᠷᠲᠯᠠᠭᠰᠠᠨ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠭᠡᠬᠦ᠂ ᠬᠠᠤᠯᠢ ᠪᠠᠷ ᠵᠠᠰᠠᠬᠤ ᠶᠢ ᠬᠦᠷᠭᠡᠬᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠬᠢᠬᠦ᠂ ᠰᠣᠷᠢᠯᠲᠠ ᠳᠤ ᠣᠷᠣᠯᠴᠠᠬᠤ ᠳᠠᠭᠤᠷᠢᠶᠠᠮᠠᠯ ᠰᠢᠭᠦᠬᠦ ᠲᠢᠩᠬᠢᠮ᠂ ᠦᠵᠡᠭᠳᠡᠯᠲᠦ ᠵᠦᠴᠦᠭᠡ᠂ ᠬᠠᠤᠯᠢ ᠪᠠᠷ ᠵᠠᠰᠠᠬᠤ ᠰᠠᠭᠤᠷᠢᠨ ᠭᠠᠵᠠᠷ ᠢ ᠲᠣᠭᠤᠷᠢᠨ ᠦᠵᠡᠬᠦ ᠵᠡᠷᠭᠡ ᠠᠵᠢᠯᠯᠠᠭ᠎ᠠ ᠶᠢ ᠥᠷᠨᠢᠭᠦᠯᠪᠡ᠃
     ᠡᠭᠦᠨ ᠤ ᠳᠠᠷᠠᠭᠠᠬᠢ ᠰᠡᠳᠬᠢᠴᠡ ᠶᠢᠨ ᠬᠢᠴᠢᠶᠡᠯ ᠤᠨ ᠰᠠᠭᠤᠳᠠᠯ ᠳᠤ ᠰᠡᠳᠬᠢᠴᠡ ᠶᠢᠨ ᠵᠦᠢ ᠶᠢᠨ ᠲᠤᠰᠬᠠᠢ ᠮᠡᠷᠭᠡᠵᠢᠯᠲᠡᠨ ︽ᠬᠡᠦᠬᠡᠳ ᠢᠶᠠᠨ ᠳᠠᠭᠠᠵᠤ ᠰᠤᠷᠤᠯᠴᠠᠬᠤ ᠡᠵᠢ︾ ᠦᠷᠭᠦᠯᠵᠢ ᠲᠣᠬᠢᠶᠠᠯᠳᠤᠬᠤ ᠨᠠᠵᠠᠭᠠᠢ ᠤᠷᠮ᠎ᠠ ᠰᠡᠳᠬᠢᠯᠭᠡ ᠶᠢ ᠲᠠᠶᠢᠯᠪᠤᠷᠢᠯᠠᠭᠰᠠᠨ ᠪᠥᠭᠡᠳ ᠵᠠᠷᠢᠮ ᠪᠦᠲᠦᠮᠵᠢᠲᠡᠶ ᠰᠢᠢᠳᠪᠦᠷᠢᠯᠡᠬᠦ ᠠᠷᠭ᠎ᠠ ᠶᠢ ᠬᠠᠩᠭᠠᠵᠤ᠂ ᠬᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ︽ᠬᠡᠦᠬᠡᠳ ᠢᠶᠠᠨ ᠳᠠᠭᠠᠵᠤ ᠰᠤᠷᠤᠯᠴᠠᠬᠤ ᠡᠵᠢ︾ ᠪᠠᠶᠢᠭ᠎ᠠ ᠪᠣᠳᠠᠲᠠᠢ ᠠᠰᠠᠭᠤᠳᠠᠯ ᠪᠠ ᠲᠥᠭᠡᠷᠢᠭᠳᠡᠯ ᠳᠤ ᠬᠠᠷᠢᠭᠤᠯᠲᠠ ᠥᠭᠴᠦ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠰᠤᠷᠭᠠᠨ ᠬᠥᠮᠦᠵᠢᠯ ᠤᠨ ᠦᠵᠡᠯᠲᠡ ᠶᠢ ᠪᠣᠶ ᠪᠣᠯᠭᠠᠵᠤ᠂ ᠭᠡᠷ ᠪᠦᠯᠢ ᠶᠢᠨ ᠬᠥᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠭᠡᠷ ᠪᠦᠯᠢ ᠶᠢᠨ ᠣᠷᠴᠢᠨ ᠨᠥᠬᠦᠴᠡᠯ ᠢ ᠬᠠᠩᠭᠠᠭᠰᠠᠨ ᠪᠠᠶᠢᠨ᠎ᠠ᠃      ︽ᠰᠡᠳᠬᠢᠴᠡ ᠶᠢᠨ ᠪᠠᠭᠰᠢ ᠶᠢᠨ ᠲᠠᠶᠢᠯᠤᠮᠵᠢ ᠶᠢ ᠰᠣᠨᠣᠰᠴᠤ ᠳᠠᠭᠤᠰᠤᠭᠠᠳ ᠥᠪᠡᠷ ᠤᠨ ᠤᠷᠮ᠎ᠠ ᠰᠡᠳᠬᠢᠯᠭᠡ ᠶᠢᠨ ᠬᠤᠪᠢᠷᠠᠯᠲᠠ ᠪᠠ ᠰᠡᠳᠬᠢᠴᠡ ᠶᠢᠨ ᠪᠠᠶᠢᠳᠠᠯ ᠳᠤ ᠨᠡᠩ ᠭᠦᠨᠵᠡᠭᠡᠢ ᠲᠠᠨᠢᠯᠲᠠ ᠲᠠᠢ ᠪᠣᠯᠵᠠᠢ︾ ᠭᠡᠵᠦ ᠬᠡᠦᠬᠡᠳ ᠢᠶᠠᠨ ᠳᠠᠭᠠᠵᠤ ᠰᠤᠷᠤᠯᠴᠠᠬᠤ ᠪᠠᠶᠢᠭ᠎ᠠ ᠡᠵᠢ ᠬᠡᠯᠡᠪᠡ᠂  ᠮᠦᠨ ᠴᠤ ᠴᠦᠬᠡᠨ ᠪᠤᠰᠤ ᠡᠵᠢ ᠨᠠᠷ ᠰᠤᠷᠤᠯᠴᠠᠬᠤ ᠠᠷᠭ᠎ᠠ ᠪᠠ ᠤᠷ᠎ᠠ ᠮᠡᠷᠭᠡᠵᠢᠯ ᠨᠢ ᠮᠠᠰᠢ ᠬᠡᠷᠡᠭᠴᠡᠭᠡ ᠲᠠᠢ ᠪᠠᠶᠢᠨ᠎ᠠ ᠭᠡᠵᠦ ᠬᠡᠯᠡᠪᠡ᠃
     ᠨᠢᠳᠤᠨᠤᠨ ᠠᠴᠠ ᠨᠠᠭᠠᠰᠢ᠂ ᠮᠠᠨ ᠤ ᠬᠤᠷᠢᠶ᠎ᠠ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠲᠠᠪᠴᠠᠩ ᠤᠨ ᠵᠠᠩᠭᠢᠯᠠᠭ᠎ᠠ ᠶᠢᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠴᠠᠭᠠᠯᠲᠠ ᠶᠢᠨ ᠬᠦᠴᠦᠨ ᠢ ᠳᠣᠷᠣᠭᠰᠢ ᠪᠠᠭᠤᠯᠭᠠᠨ ᠨᠡᠶᠢᠭᠡᠮ ᠤᠨ ᠵᠠᠰᠠᠯᠲᠠ ᠳᠤ ᠭᠦᠨᠵᠡᠭᠡᠢ ᠠᠭᠤᠰᠤᠯᠴᠠᠭᠤᠯᠬᠤ ᠶᠢᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠠᠵᠠᠴᠢᠨ ᠨᠡᠶᠢᠭᠡᠮ ᠲᠣᠭᠤᠷᠢᠭ ᠲᠤ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ︽ᠴᠢᠩ ᠷᠦᠢ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠥᠷᠲᠡᠭᠡ︾ ᠶᠢ ᠪᠠᠶᠢᠭᠤᠯᠵᠤ᠂ ︽1+N︾ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ︽ᠴᠢᠩ ᠷᠦᠢ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠥᠷᠲᠡᠭᠡ︾ ᠳᠤ ᠲᠦᠰᠢᠭᠯᠡᠨ᠂ ᠮᠠᠨ ᠤ ᠬᠤᠷᠢᠶ᠎ᠠ ᠦᠷᠭᠦᠯᠵᠢᠯᠡᠨ ᠶᠠᠯᠠᠲᠤ ᠠᠵᠢᠯᠯᠠᠭ᠎ᠠ ᠬᠢᠭᠰᠡᠨ ᠨᠠᠰᠤᠨ ᠳᠤ ᠥᠯᠥ ᠭᠦᠷᠦᠭᠰᠡᠳ ᠲᠤ ︽ᠭᠤᠷᠪᠠ ᠶᠢ ᠵᠠᠭᠠᠯᠳᠤᠵᠤ ᠬᠠᠪᠰᠤᠷᠤᠨ ᠰᠤᠷᠭᠠᠬᠤ︾ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠲᠤ ᠲᠥᠭᠡᠷᠢᠭᠳᠡᠭᠰᠡᠨ ᠪᠠᠭᠠᠴᠤᠳ ᠢ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠵᠦ ᠤᠷᠤᠭᠰᠢᠲᠠᠢ ᠪᠠᠷ ᠪᠤᠴᠠᠵᠤ ᠢᠷᠡᠪᠡ᠂ ᠨᠠᠰᠤᠨ ᠳᠤ ᠥᠯᠥ ᠭᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠣᠲᠣ ᠡᠨᠡ ᠬᠦ ᠰᠠᠭᠤᠷᠢᠨ ᠭᠠᠵᠠᠷ ᠨᠢ ᠨᠢᠭᠡᠨᠲᠡ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ︽ᠲᠣᠰᠣ ᠨᠡᠮᠡᠬᠦ ᠥᠷᠲᠡᠭᠡ︾ ᠪᠣᠯᠤᠭᠰᠠᠨ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号