5 ᠰᠠᠷ᠎ᠠ ᠶᠢᠨ 29 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ︽ᠶᠡᠷᠦᠩᠬᠡᠢ ᠱᠦᠵᠢ ᠰᠢ ᠶᠢᠨ ᠫᠢᠩ ᠤᠨ | ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ︾ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ | ᠰᠤᠳᠤᠯᠤᠨ ᠶᠠᠷᠢᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠤᠤ ᠶᠠᠨ ᠷᠦ᠋ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠪᠦᠷᠢᠯᠳᠦᠭᠦᠨ ᠬᠠᠮᠲᠤ ᠪᠠᠷ ︽ᠠᠮᠤᠷ ᠲᠦᠪᠰᠢᠨ ᠢᠶᠠᠷ ᠠᠮᠢ ᠨᠠᠰᠤ ᠶᠢ ᠬᠠᠮᠠᠭᠠᠯᠠᠶ᠎ᠠ︾ ᠦᠢᠯᠡᠳᠪᠦᠷᠢᠯᠡᠯ ᠤᠨ ᠠᠮᠤᠷ | ᠲᠦᠪᠰᠢᠨ ᠤ ᠰᠢᠷᠢᠰ ᠠᠳᠡᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢ ᠶᠢᠨ ᠹᠢᠯᠢᠮ ᠢ ᠦᠵᠡᠪᠡ︔ ᠴᠢᠶᠣᠤ | ᠸᠧᠨ ᠵᠢᠶᠧ᠂ ᠵᠤᠤ ᠪᠥᠸᠧ᠂ ᠫᠠᠩ ᠯᠢ᠂ ᠯᠢ ᠷᠦᠢ ᠾᠧᠩ ᠪᠣᠯᠣᠨ ᠢᠦᠢ ᠬᠠᠢ ᠵᠢᠶᠦ᠋ᠨ ᠰᠤᠷᠤᠯᠴᠠᠯᠭ᠎ᠠ ᠶᠢᠨ ᠭᠤᠣᠯ | ᠰᠡᠳᠦᠪ ᠤᠨ ᠲᠣᠭᠤᠷᠢᠨ ᠳᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠤᠰ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠤᠯᠤᠰ ᠲᠦᠷᠦ ᠶᠢᠨ ᠲᠠᠩᠰᠠ︾᠂ ︽ᠠᠷᠠᠳ ᠤᠨ ᠠᠮᠢᠳᠤᠷᠠᠯ ᠤᠨ ᠲᠠᠩᠰᠠ︾᠂ ︽ᠠᠵᠤ ᠠᠬᠤᠢ ᠶᠢᠨ ᠲᠠᠩᠰᠠ︾ ᠶᠢ | ᠲᠣᠳᠣᠷᠬᠠᠢ ᠪᠤᠳᠤᠵᠤ᠂ ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ | ︽ᠬᠥᠭᠵᠢᠯᠲᠡ ᠶᠢᠨ ᠲᠥᠯᠥᠭᠡ ᠠᠮᠤᠷ ᠲᠦᠪᠰᠢᠨ ᠢ ᠡᠷᠬᠢᠮᠯᠡᠬᠦ᠂ ᠠᠮᠤᠷ ᠲᠦᠪᠰᠢᠨ ᠢᠶᠠᠷ ᠬᠥᠭᠵᠢᠯᠲᠡ ᠶᠢ ᠠᠬᠢᠭᠤᠯᠬᠤ︾ | ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠠᠶᠤᠯᠭᠦᠢ ᠦᠢᠯᠡᠳᠪᠦᠷᠢᠯᠡᠯ ᠤᠨ ︽ᠦᠵᠡᠯ ᠰᠠᠨᠠᠭᠠᠨ ᠤ ᠬᠥᠪᠴᠢ︾ ᠶᠢ ᠴᠠᠭ ᠢᠮᠠᠭᠲᠠ ᠴᠢᠩᠭᠠᠳᠬᠠᠬᠤ ᠬᠡᠷᠡᠭᠲᠡᠢ᠃ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ | ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠮᠤᠷ ᠲᠦᠪᠰᠢᠨ ᠤ | ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠦᠢᠯᠡᠳᠪᠦᠷᠢᠯᠡᠵᠦ | ᠡᠵᠡᠩᠨᠡᠬᠦ ᠶᠢ ᠰᠢᠪᠠᠳᠠᠵᠤ᠂ ︽ᠬᠠᠷᠢᠭᠤᠴᠠᠯᠭ᠎ᠠ ᠶᠢᠨ ᠲᠣᠣᠷ︾ ᠢ ᠨᠢᠭᠲᠠ ᠰᠦᠯᠵᠢᠵᠦ᠂ ︽ᠰᠡᠷᠭᠡᠶᠢᠯᠡᠯᠲᠡ ᠶᠢᠨ ᠬᠡᠷᠡᠮ︾ ᠢ | ᠰᠠᠶᠢᠲᠤᠷ ᠪᠠᠶᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠵᠤ ᠬᠢᠨᠡᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ | ᠳᠤᠷᠠᠳᠤᠭᠰᠠᠨ ᠰᠠᠨᠠᠯ ᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠨ᠂ | ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠶᠢ ᠡᠷᠡᠰ | ᠪᠡᠶᠡᠯᠡᠭᠦᠯᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠣᠷᠳᠣ ᠬᠤᠭᠤᠴᠠᠭ᠎ᠠ ᠪᠠᠷ ᠪᠠᠷᠢᠮᠲᠠᠯᠠᠨ᠂ | ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠳᠠᠬᠢᠨ ᠡᠭᠦᠰᠬᠦ ᠦᠭᠡᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠲᠣᠭᠲᠠᠴᠠ ᠶᠢ ᠪᠦᠷᠢᠨᠰᠢᠭᠦᠯᠵᠦ᠂ | ᠭᠤᠣᠯᠳᠠᠯᠭ᠎ᠠ ᠲᠠᠢ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠠᠶᠢᠩᠭᠤᠵᠢᠭᠤᠯᠤᠨ | ᠥᠷᠨᠢᠭᠦᠯᠵᠦ᠂ ᠡᠯ᠎ᠡ ᠠᠵᠢᠯ ᠲᠦᠷᠦᠯ᠂ ᠡᠯ᠎ᠡ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ | ᠡᠷᠲᠡ ᠢᠯᠡᠷᠡᠭᠦᠯᠵᠦ᠂ ᠡᠷᠲᠡ ᠡᠵᠡᠮᠳᠡᠵᠦ᠂ ᠡᠷᠲᠡ ᠠᠷᠢᠯᠭᠠᠬᠤ ᠶᠢ ᠪᠡᠶᠡᠯᠡᠭᠦᠯᠬᠦ ᠬᠡᠷᠡᠭᠲᠡᠢ᠃ ᠠᠮᠤᠷ ᠲᠦᠪᠰᠢᠨ ᠤ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠪᠦᠷᠢᠨᠰᠢᠭᠦᠯᠦᠨ᠂ ᠡᠩᠨᠡᠭᠡ᠂ ᠡᠳ᠋ ᠪᠣᠳᠠᠰ᠂ ᠲᠣᠨᠤᠭ ᠲᠥᠬᠦᠭᠡᠷᠦᠮᠵᠢ ᠶᠢ ᠴᠠᠭ ᠢᠮᠠᠭᠲᠠ ᠪᠠᠴᠢᠮ | ᠪᠠᠶᠢᠳᠠᠯ ᠢ ᠠᠷᠭᠠᠴᠠᠬᠤ ᠪᠠᠶᠢᠳᠠᠯ ᠢ ᠦᠨᠡᠨᠬᠦ ᠪᠠᠲᠤᠯᠠᠨ᠎ᠠ᠃ ︽ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ | ᠬᠡᠷᠡᠭᠵᠢᠭᠦᠯᠬᠦ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠬᠦ︾ ᠶᠢ ᠪᠠᠷᠢᠮᠲᠠᠯᠠᠵᠤ᠂ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠪᠦᠷᠢᠨᠰᠢᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ | ᠪᠤᠢ ᠪᠣᠯᠭᠠᠵᠤ᠂ ᠳᠠᠷᠤᠯᠲᠠ ᠶᠢ ᠳᠠᠮᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠴᠢᠨᠠᠷ | ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ | ᠬᠤᠷᠰᠢᠯᠴᠠᠭ᠎ᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠰᠣᠨᠢᠨ | ᠮᠡᠳᠡᠭᠡ ᠬᠡᠪᠯᠡᠯ ᠤᠨ ᠬᠡᠪᠯᠡᠯ ᠤᠨ ᠡᠷᠬᠡ ᠶᠢᠨ ᠲᠣᠪᠴᠢᠶᠠᠨ ᠤ ᠳᠠᠷᠤᠭ᠎ᠠ ᠴᠧᠩ ᠵᠢᠩ ᠵᠢᠶᠦ᠋ᠨ ᠬᠤᠷᠠᠯ ᠳᠤ | ᠣᠷᠣᠯᠴᠠᠵᠤ ᠲᠣᠭᠤᠷᠢᠨ ᠦᠵᠡᠵᠦ ᠵᠢᠭᠠᠨ ᠵᠢᠯᠣᠭᠤᠳᠪᠠ᠃ | | | | ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | | |