︽ᠵᠢᠵᠢᠭ ᠬᠡᠷᠡᠭ︾ ᠢ ᠦᠷᠭᠦᠯᠵᠢᠯᠡᠨ ᠬᠦᠴᠦᠯᠡᠨ ᠰᠢᠢᠳᠪᠦᠷᠢᠯᠡᠵᠦ  ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠬᠤᠯᠠᠭᠠᠶᠢᠯᠠᠭᠰᠠᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2024/5/31
      ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ︽ᠪᠠᠭ᠎ᠠ ᠬᠡᠷᠡᠭ︾ ᠢ ᠴᠣᠬᠢᠯᠲᠠ ᠥᠭᠬᠦ ᠭᠤᠣᠯᠳᠠᠯᠭ᠎ᠠ ᠪᠣᠯᠭᠠᠵᠤ᠂ ᠨᠠᠷᠢᠯᠢᠭ ᠣᠨᠣᠪᠴᠢᠲᠠᠢ ᠬᠦᠴᠦᠯᠡᠨ᠂ ᠦᠷᠭᠦᠯᠵᠢᠯᠡᠨ ᠬᠦᠴᠦᠲᠡᠢ ᠴᠣᠬᠢᠯᠲᠠ ᠥᠭᠴᠦ᠂ ︽ᠪᠠᠭ᠎ᠠ ᠬᠡᠷᠡᠭ ᠢ ᠢᠯᠡᠷᠡᠭᠦᠯᠬᠦ︾ ᠪᠠᠷ ︽ᠶᠡᠭᠡ ᠡᠶ᠎ᠡ ᠵᠣᠬᠢᠴᠠᠯ︾ ᠢ ᠠᠬᠢᠭᠤᠯᠵᠠᠢ᠂ ᠣᠶᠢᠷ᠎ᠠ ᠳᠤ ᠣᠯᠠᠨ ᠬᠤᠯᠠᠭᠠᠶᠢᠯᠠᠭᠰᠠᠨ ᠬᠡᠷᠡᠭ ᠢ ᠢᠯᠡᠷᠡᠭᠦᠯᠵᠦ᠂ ᠦᠨᠡᠨ ᠪᠣᠳᠠᠲᠠᠢ ᠴᠣᠬᠢᠯᠲᠠ ᠥᠭᠬᠦ ᠦᠷ᠎ᠡ ᠪᠦᠲᠦᠮᠵᠢ ᠪᠠᠷ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃      5 ᠰᠠᠷ᠎ᠠ ᠶᠢᠨ 19  ᠤ ᠡᠳᠦᠷ᠂ ᠬᠠᠶᠢᠯᠠᠷ ᠪᠠᠷᠠᠭᠤᠨ ᠵᠠᠮ ᠤᠨ ᠲᠣᠮᠢᠯᠠᠭᠰᠠᠨ ᠰᠠᠯᠪᠤᠷᠢ ᠣᠯᠠᠨ ᠲᠦᠮᠡᠨ ᠤ ᠬᠡᠷᠡᠭ ᠮᠡᠳᠡᠭᠦᠯᠬᠦ   ᠶᠢ ᠬᠦᠯᠢᠶᠡᠵᠦ᠂ ᠬᠤᠲᠣᠩ ᠠᠷᠠᠳ ᠤᠨ ᠲᠣᠭᠤᠷᠢᠭ ᠤᠨ ᠰᠢᠶᠣᠣ ᠹᠦ ᠵᠠᠮ ᠤᠨ ᠴᠢᠩ ᠢ ᠬᠤᠸᠠ ᠶᠤᠸᠠᠨ ᠬᠤᠷᠢᠶᠠᠯᠠᠯ ᠤᠨ ᠠᠰᠠᠷ ᠤᠨ ᠡᠭᠦᠳᠡᠨ ᠡᠮᠦᠨ᠎ᠡ ᠪᠠᠶᠢᠭᠰᠠᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠭᠡᠭᠡᠵᠡᠢ᠃ ᠲᠣᠮᠢᠯᠠᠭᠰᠠᠨ ᠰᠠᠯᠪᠤᠷᠢ ᠭᠥᠯᠢᠶᠡᠨ ᠠᠪᠤᠭᠰᠠᠨ ᠤ ᠳᠠᠷᠠᠭ᠎ᠠ ᠳᠠᠷᠤᠢ ᠲᠦᠷᠭᠡᠨ ᠠᠵᠢᠯ ᠢᠶᠠᠨ ᠥᠷᠨᠢᠭᠦᠯᠵᠦ᠂ ᠬᠢᠨᠠᠨ ᠡᠵᠡᠮᠳᠡᠵᠦ ᠵᠠᠳᠠᠯᠤᠨ ᠰᠤᠳᠤᠯᠵᠤ ᠮᠠᠭᠠᠳᠯᠠᠬᠤ ᠶᠢ ᠰᠢᠯᠵᠢᠭᠦᠯᠦᠨ ᠠᠪᠴᠤ᠂ 4 ᠡᠳᠦᠷ ᠦᠷᠭᠦᠯᠵᠢᠯᠡᠨ ᠰᠠᠬᠢᠵᠤ᠂ ᠡᠴᠦᠰ ᠲᠡᠭᠡᠨ ᠰᠡᠵᠢᠭᠯᠡᠯᠲᠡᠢ ᠬᠥᠮᠥᠨ ᠮᠠ ᠣᠪᠣᠭᠲᠤ ᠶᠢ ᠪᠠᠷᠢᠪᠴᠢᠯᠠᠪᠠ᠃
     ᠠᠷᠠᠳ ᠤᠨ ᠴᠠᠭᠳᠠᠭ᠎ᠠ ᠪᠠᠶᠢᠴᠠᠭᠠᠯᠲᠠ ᠶᠢᠨ ᠳᠤᠮᠳᠠ᠂ ᠮᠠ ᠣᠪᠣᠭᠲᠤ ᠪᠣᠯ ᠪᠠᠰᠠ ᠴᠤ ᠬᠠᠷᠢᠶ᠎ᠠ ᠣᠷᠣᠨ ᠤ 2024 ᠣᠨ ᠤ 5 ᠰᠠᠷ᠎ᠠ ᠶᠢᠨ 17 ᠤ ᠡᠳᠦᠷ ᠶᠤᠸᠠᠨ ᠬᠡ ᠵᠢᠶᠠ ᠶᠤᠸᠠᠨ ᠤ ᠨᠢᠭᠡ ᠴᠠᠬᠢᠯᠭᠠᠨ ᠬᠥᠳᠡᠯᠭᠡᠭᠦᠷᠲᠦ ᠲᠡᠷᠭᠡ ᠬᠤᠯᠠᠭᠠᠶᠢᠯᠠᠭᠰᠠᠨ ᠬᠡᠷᠡᠭ ᠤᠨ ᠰᠡᠵᠢᠭᠲᠡᠨ ᠪᠣᠯᠣᠨ᠎ᠠ᠂ ᠮᠠ ᠣᠪᠣᠭᠲᠤ ᠳᠡᠭᠡᠷᠡᠬᠢ ᠬᠤᠶᠠᠷ ᠤᠳᠠᠭᠠᠨ ᠤ ᠬᠤᠯᠠᠭᠠᠶᠢᠯᠠᠭᠰᠠᠨ ᠬᠡᠷᠡᠭ ᠢ ᠮᠡᠳᠡᠷᠡᠵᠡᠢ᠃ ᠡᠭᠦᠨ ᠤ ᠬᠠᠮᠲᠤ᠂ ᠮᠠ ᠣᠪᠣᠭᠲᠤ 2024 ᠣᠨ ᠤ 4 ᠰᠠᠷ᠎ᠠ ᠶᠢᠨ 16 ᠤ ᠡᠳᠦᠷ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠱᠢ ᠳ᠋ᠦᠩ ᠵᠠᠮ ᠤᠨ ᠲᠣᠮᠢᠯᠠᠭᠰᠠᠨ ᠰᠠᠯᠪᠤᠷᠢ 15 ᠡᠳᠦᠷ ᠤᠨ ᠵᠠᠰᠠᠭ ᠵᠠᠬᠢᠷᠭᠠᠨ ᠤ ᠲᠦᠷ ᠬᠤᠷᠢᠪᠠ᠂ ᠬᠤᠶᠠᠷ ᠵᠢᠯ ᠤᠨ ᠳᠣᠲᠣᠷ᠎ᠠ ᠭᠤᠷᠪᠠᠨ ᠬᠤᠯᠠᠭᠠᠶᠢᠯᠠᠭᠰᠠᠨ ᠬᠡᠷᠡᠭ ᠬᠢᠭᠰᠡᠨ ᠨᠢ ᠨᠢᠭᠡᠨᠲᠡ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ᠶᠢᠨ ᠨᠠᠶᠠᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠮᠠ ᠣᠪᠣᠭᠲᠤ ᠣᠲᠣ ᠨᠢᠭᠡᠨᠲᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠡᠭᠦᠦ ᠶᠢᠨ ᠬᠡᠷᠡᠭ ᠢᠶᠠᠷ ᠲᠦᠷ ᠬᠤᠷᠢᠵᠠᠢ᠃      5 ᠰᠠᠷ᠎ᠠ ᠶᠢᠨ 27 ᠤ ᠡᠳᠦᠷ᠂ ᠬᠤᠸᠠᠨ ᠾᠧ ᠵᠡᠭᠡᠯᠢ ᠶᠢᠨ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠣᠯᠠᠨ ᠲᠦᠮᠡᠨ ᠤ ᠬᠡᠷᠡᠭ ᠮᠡᠳᠡᠭᠦᠯᠬᠦ ᠶᠢ ᠬᠦᠯᠢᠶᠡᠵᠦ᠂ ᠲᠡᠭᠦᠨ ᠢ ᠵᠢᠢ ᠯᠢ ᠬᠤᠷᠢᠶᠠᠯᠠᠯ ᠤᠨ ᠬᠦᠷᠢᠶᠡᠨ ᠳᠤ ᠴᠠᠬᠢᠯᠭᠠᠨ ᠴᠡᠨᠡᠭᠯᠡᠬᠦ ᠪᠠᠶᠢᠬᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠭᠡᠭᠡᠭᠰᠡᠨ ᠭᠡᠵᠦ ᠮᠡᠳᠡᠭᠦᠯᠵᠦ᠂ ᠠᠷᠠᠳ ᠤᠨ ᠴᠠᠭᠳᠠᠭ᠎ᠠ ᠶᠢᠨ ᠬᠠᠪᠰᠤᠷᠤᠯᠭ᠎ᠠ ᠶᠢ ᠡᠷᠢᠵᠦ ᠪᠠᠶᠢᠨ᠎ᠠ ᠭᠡᠪᠡ᠃ ᠠᠷᠠᠳ ᠤᠨ ᠴᠠᠭᠳᠠᠭ᠎ᠠ ᠬᠡᠷᠡᠭ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ ᠬᠤᠷᠢᠶᠠᠯᠠᠯ ᠤᠨ ᠣᠷᠣᠵᠤ ᠭᠠᠷᠬᠤ ᠭᠠᠵᠠᠷ ᠢ ᠬᠢᠨᠠᠨ ᠡᠵᠡᠮᠳᠡᠬᠦ ᠶᠢᠨ ᠬᠠᠮᠲᠤ ᠰᠡᠵᠢᠭᠯᠡᠯᠲᠡᠢ ᠬᠥᠮᠥᠰ ᠢ ᠡᠷᠢᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠸᠠᠩ ᠣᠪᠣᠭᠲᠤ ᠶᠢ ᠠᠮᠵᠢᠯᠲᠠ ᠲᠠᠢ ᠪᠠᠷ ᠲᠣᠭᠲᠠᠭᠠᠵᠤ᠂ ᠲᠤᠬᠠᠢ ᠶᠢᠨ ᠡᠳᠦᠷ ᠢᠦᠢ ᠴᠢᠤᠸᠠᠨ ᠲᠣᠭᠤᠷᠢᠭ ᠤᠨ ᠪᠠᠷᠠᠭᠤᠨ ᠨᠣᠭᠤᠭ᠎ᠠ ᠶᠢᠨ ᠬᠦᠷᠢᠶᠡᠯᠡᠩ ᠤᠨ ᠬᠠᠪᠢ ᠳᠤ ᠲᠡᠭᠦᠨ ᠢ ᠠᠮᠵᠢᠯᠲᠠ ᠲᠠᠢ ᠪᠠᠷᠢᠪᠴᠢᠯᠠᠪᠠ᠃
     ᠪᠠᠶᠢᠴᠠᠭᠠᠭᠰᠠᠨ ᠢᠶᠠᠷ᠂ ᠸᠠᠩ ᠣᠪᠣᠭᠲᠤ ᠪᠣᠯ ᠠᠵᠢᠯ ᠦᠭᠡᠢ᠂ ᠲᠣᠭᠲᠠᠭᠤᠨ ᠣᠷᠣᠯᠭ᠎ᠠ ᠦᠭᠡᠢ᠂ ᠬᠤᠷᠢᠶᠠᠯᠠᠯ ᠤᠨ ᠴᠠᠬᠢᠯᠭᠠᠨ ᠬᠥᠳᠡᠯᠭᠡᠭᠦᠷᠲᠦ ᠲᠡᠷᠭᠡ ᠣᠨᠢᠰᠤ ᠦᠭᠡᠢ ᠪᠠᠶᠢᠭᠠᠳ ᠲᠦᠷ ᠴᠠᠭ ᠪᠣᠳᠣᠯᠭ᠎ᠠ ᠪᠠᠷ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠤᠯᠠᠭᠠᠶᠢᠯᠠᠵᠠᠢ᠃ ᠣᠳᠣᠬᠠᠨ ᠳᠤ᠂ ᠸᠠᠩ ᠣᠪᠣᠭᠲᠤ ᠨᠢᠭᠡᠨᠲᠡ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠬᠠᠤᠯᠢ ᠶᠣᠰᠣᠭᠠᠷ 10 ᠤ ᠡᠳᠦᠷ ᠤᠨ ᠵᠠᠰᠠᠭ ᠵᠠᠬᠢᠷᠭᠠᠨ ᠤ ᠲᠦᠷ ᠬᠤᠷᠢᠬᠤ ᠰᠢᠢᠳᠭᠡᠯ ᠥᠭᠴᠡᠢ᠃      5 ᠰᠠᠷ᠎ᠠ ᠶᠢᠨ 28 ᠤ ᠡᠳᠦᠷ᠂ ᠬᠤᠸᠠᠨ ᠾᠧ ᠵᠡᠭᠡᠯᠢ ᠶᠢᠨ ᠲᠣᠮᠢᠯᠠᠭᠰᠠᠨ ᠰᠠᠯᠪᠤᠷᠢ ᠣᠯᠠᠨ ᠲᠦᠮᠡᠨ ᠤ ᠬᠡᠷᠡᠭ ᠮᠡᠳᠡᠭᠦᠯᠦᠯᠲᠡ ᠶᠢ ᠣᠯᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠨᠢᠭᠡ ᠰᠡᠵᠢᠭᠲᠡᠨ ᠢ ᠪᠠᠷᠢᠪᠴᠢᠯᠠᠵᠤ᠂ ᠠᠷᠠᠳ ᠤᠨ ᠴᠠᠭᠳᠠᠭ᠎ᠠ ᠳᠠᠷᠤᠢ ᠲᠦᠷᠭᠡᠨ ᠲᠤᠬᠠᠢ ᠶᠢᠨ ᠲᠠᠯᠠᠪᠤᠷ ᠲᠤ ᠬᠦᠷᠴᠦ ᠬᠠᠮᠢᠶ᠎ᠠ ᠪᠦᠬᠦᠢ ᠪᠠᠶᠢᠳᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠰ ᠰᠡᠵᠢᠭᠲᠡᠨ ᠢ ᠰᠠᠯᠪᠤᠷᠢ ᠳᠤ ᠪᠠᠨ ᠠᠪᠠᠴᠢᠵᠤ ᠦᠷᠭᠦᠯᠵᠢᠯᠡᠨ ᠪᠠᠶᠢᠴᠠᠭᠠᠯᠲᠠ ᠬᠢᠵᠡᠢ᠃
     ᠪᠠᠶᠢᠴᠠᠭᠠᠯᠲᠠ ᠶᠢᠨ ᠬᠤᠭᠤᠴᠠᠭᠠᠨ ᠳᠤ᠂ ᠠᠷᠠᠳ ᠤᠨ ᠴᠠᠭᠳᠠᠭ᠎ᠠ ᠲᠣᠰ ᠰᠡᠵᠢᠭᠲᠡᠨ ᠬᠠᠷᠢᠶᠠᠲᠤ ᠣᠷᠣᠨ ᠤ ᠳᠣᠲᠣᠷ᠎ᠠ ᠪᠠᠰᠠ ᠨᠢᠭᠡ ᠳᠤᠭᠤᠢ ᠲᠡᠷᠭᠡ ᠬᠤᠯᠠᠭᠠᠶᠢᠯᠠᠭᠰᠠᠨ ᠬᠡᠷᠡᠭ ᠤᠨ ᠰᠡᠵᠢᠭᠲᠡᠨ ᠤ ᠣᠨᠴᠠᠯᠢᠭ ᠨᠢ ᠠᠳᠠᠯᠢᠪᠲᠤᠷ ᠪᠠᠶᠢᠬᠤ ᠶᠢ ᠣᠯᠵᠤ ᠮᠡᠳᠡᠪᠡᠯ᠂ ᠰᠢᠭᠦᠨ ᠠᠰᠠᠭᠤᠬᠤ ᠪᠠᠷ ᠳᠡᠮᠵᠢᠨ᠂ ᠰᠡᠵᠢᠭᠲᠡᠨ ᠴᠧᠨ ᠣᠪᠣᠭᠲᠤ ᠡᠴᠦᠰ ᠲᠡᠭᠡᠨ ᠲᠡᠭᠦᠨ ᠤ ᠬᠤᠶᠠᠷ ᠤᠳᠠᠭ᠎ᠠ ᠬᠤᠯᠠᠭᠠᠶᠢᠯᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠᠨ ᠨᠢᠭᠤᠯᠲᠠ ᠬᠢᠭᠰᠡᠨ ᠪᠠᠶᠢᠨ᠎ᠠ᠃ ᠣᠳᠣᠬᠠᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠡᠭᠦᠨ ᠢ 15 ᠡᠳᠦᠷ ᠤᠨ ᠵᠠᠰᠠᠭ ᠵᠠᠬᠢᠷᠭᠠᠨ ᠤ ᠳᠦᠷᠢ ᠬᠤᠷᠢᠬᠤ ᠪᠠᠷ ᠰᠢᠢᠳᠭᠡᠯ ᠥᠭᠴᠡᠢ᠃      ᠠᠷᠠᠳ ᠤᠨ ᠴᠠᠭᠳᠠᠭ᠎ᠠ ᠰᠠᠨᠠᠭᠤᠯᠬᠤ ᠨᠢ᠄ ᠵᠤᠨ ᠤ ᠡᠳᠦᠷ ᠬᠦᠷᠴᠦ ᠢᠷᠡᠬᠦ ᠲᠠᠰᠢᠷᠠᠮ ᠳᠤ᠂ ᠬᠥᠮᠥᠰ ᠤᠨ ᠰᠢᠯᠵᠢᠯᠲᠡ ᠶᠢᠨ ᠬᠡᠮᠵᠢᠶ᠎ᠡ ᠶᠡᠭᠡ᠂ ᠥᠷᠭᠡᠨ ᠣᠯᠠᠨ ᠲᠦᠮᠡᠨ ᠡᠷᠬᠡᠪᠰᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠴᠠᠬᠢᠯᠭᠠᠨ ᠬᠥᠳᠡᠯᠭᠡᠭᠦᠷᠲᠦ ᠲᠡᠷᠭᠡ᠂ ᠳᠤᠭᠤᠢ ᠲᠡᠷᠭᠡ ᠵᠡᠷᠭᠡ ᠶᠢ ᠬᠠᠮᠢᠶᠠᠷᠴᠤ ᠪᠠᠶᠢᠭ᠎ᠠ ᠲᠡᠷᠭᠡᠨ ᠲᠠᠯᠠᠪᠤᠷ ᠲᠤ ᠵᠣᠭᠰᠣᠭᠠᠵᠤ᠂ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠢ︔ ᠰᠠᠯᠬᠤ ᠳᠠᠭᠠᠨ ᠲᠡᠷᠭᠡᠨ ᠤ ᠲᠦᠯᠬᠢᠭᠦᠷ ᠢ ᠠᠪᠴᠤ᠂ ᠲᠡᠷᠭᠡ ᠪᠠᠨ ᠰᠠᠶᠢᠲᠤᠷ ᠣᠨᠢᠰᠤᠯᠠᠬᠤ ᠶᠢᠨ ᠬᠠᠮᠲᠤ ᠬᠤᠯᠠᠭᠠᠶᠢᠯᠠᠭᠳᠠᠬᠤ ᠠᠴᠠ ᠰᠡᠷᠭᠡᠶᠢᠯᠡᠬᠦ ᠲᠦᠭᠰᠢᠭᠦᠷᠢ ᠮᠡᠳᠡᠭᠡᠯᠡᠬᠦ ᠮᠠᠰᠢᠨ ᠢ ᠨᠡᠭᠡᠭᠡᠬᠦ ᠬᠡᠷᠡᠭᠲᠡᠢ︔ ᠲᠡᠷᠭᠡ ᠬᠤᠯᠠᠭᠠᠶᠢᠯᠠᠭᠳᠠᠪᠠᠯ ᠴᠠᠭ ᠲᠤᠬᠠᠢ ᠳᠤᠨᠢ 110 ᠴᠠᠭᠳᠠᠭ᠎ᠠ ᠳᠤ ᠮᠡᠳᠡᠭᠦᠯᠦᠭᠡᠷᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号