ᠰᠢᠨᠬᠤᠸᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠦᠨᠳᠦᠰᠦᠨ ᠱᠠᠲᠤᠨ ᠤ ᠵᠠᠰᠠᠯᠲᠠ ᠶᠢᠨ | ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠬᠡᠯᠪᠡᠷᠢ ᠶᠢ | ᠲᠠᠰᠤᠷᠠᠯᠲᠠ ᠦᠭᠡᠢ ᠰᠠᠶᠢᠵᠢᠷᠠᠭᠤᠯᠵᠤ᠂︽ᠤᠯᠠᠭᠠᠨ ᠲᠤᠤᠷᠵᠢᠭᠰᠠᠨ ᠰᠦᠯᠵᠢᠶ᠎ᠡ︾ ᠪᠠᠷ ︽ᠪᠢᠴᠢᠯ ᠵᠠᠰᠠᠯᠲᠠ︾ ᠶᠢᠨ | ᠴᠢᠳᠠᠪᠤᠷᠢ ᠣᠯᠭᠤᠵᠤ᠂ ᠠᠷᠠᠳ ᠤᠨ ᠠᠮᠢᠳᠤᠷᠠᠯ ᠤᠨ ︽ᠪᠠᠭ᠎ᠠ ᠶᠠᠪᠤᠳᠠᠯ︾ ᠳᠤ ᠰᠠᠭᠤᠷᠢᠯᠠᠵᠤ᠂ ᠵᠢᠵᠢᠭ ᠰᠠᠵᠢᠭ | ᠵᠦᠢᠯ ᠳᠤ ᠦᠨᠡᠨᠬᠦ ᠭᠠᠪᠢᠶ᠎ᠠ ᠪᠠᠶᠢᠭᠤᠯᠵᠤ᠂ ᠲᠦᠭᠵᠢᠷᠡᠯ ᠤᠨ ᠴᠡᠭ ᠤᠨ ᠡᠬᠢ ᠡᠭᠦᠰᠦᠯ ᠳᠤ ᠰᠢᠪᠲᠤᠯᠤᠯᠲᠠ ᠬᠢᠵᠦ᠂ | ︽ᠪᠢᠴᠢᠯ ᠵᠠᠰᠠᠯᠲᠠ︾ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ︽ᠵᠢᠵᠢᠭ ᠲᠤᠤᠷᠵᠢᠭᠰᠠᠨ ᠰᠦᠯᠵᠢᠶ᠎ᠡ︾ | ︽ᠪᠢᠴᠢᠯ ᠵᠠᠰᠠᠯᠲᠠ︾ ᠪᠠᠷ ᠠᠷᠠᠳ ᠤᠨ ᠠᠮᠢᠳᠤᠷᠠᠯ ᠤᠨ ᠵᠠᠰᠠᠯᠲᠠ ᠶᠢᠨ ︽ᠶᠡᠭᠡ ᠵᠣᠬᠢᠶᠠᠯ︾ ᠢ ᠯᠠᠪᠳᠠᠭᠤᠨ ᠪᠠᠲᠤᠲᠠᠢ | ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ︽ᠨᠠᠷᠢᠨ ᠨᠢᠮᠪᠠᠢ︾︽ᠵᠣᠯ ᠵᠢᠷᠭᠠᠯ ᠪᠢᠯᠬᠠᠬᠤ︾ ᠶᠢ ᠪᠡᠶᠡᠯᠡᠭᠦᠯᠬᠦ | ᠬᠡᠷᠡᠭᠲᠡᠢ᠃ | ︽ᠤᠯᠠᠭᠠᠨ ᠲᠤᠤᠷᠵᠢᠭᠰᠠᠨ ᠰᠦᠯᠵᠢᠶ᠎ᠡ︾ ᠪᠠᠷ ᠵᠠᠰᠠᠯᠲᠠ ᠶᠢ ᠲᠤᠰᠬᠠᠶᠢᠵᠢᠭᠤᠯᠵᠤ᠂ ︽ᠪᠢᠴᠢᠯ ᠵᠠᠰᠠᠯᠲᠠ︾ ᠨᠢ | ︽ᠪᠤᠬ᠎ᠠ ᠲᠡᠷᠭᠡ︾ ᠶᠢ ᠯᠠᠪᠳᠠᠭᠤᠨ ᠠᠳᠬᠤᠨ᠎ᠠ | ᠭᠠᠯᠲᠤ ᠲᠡᠷᠭᠡᠨ ᠤ ᠬᠤᠷᠳᠤᠨ ᠡᠰᠡᠬᠦ ᠶᠢ ᠪᠤᠬ᠎ᠠ ᠲᠡᠷᠭᠡᠨ ᠤ ᠲᠣᠯᠣᠭᠠᠢ ᠳᠤ ᠲᠦᠰᠢᠭᠯᠡᠨ᠎ᠡ᠃ ᠰᠢᠨᠬᠤᠸᠠ | ᠶᠤᠸᠠᠨ ᠨᠡᠶᠢᠭᠡᠮ ᠲᠣᠭᠤᠷᠢᠭ ᠤᠨ ᠬᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠪᠤᠬ᠎ᠠ ᠲᠡᠷᠭᠡ︾ ᠪᠣᠯᠭᠠᠬᠤ ᠶᠢ ᠢᠮᠠᠭᠲᠠ ᠪᠠᠷᠢᠮᠲᠠᠯᠠᠵᠤ᠂ | ︽ᠨᠠᠮ ᠤᠨ ᠭᠡᠰᠢᠭᠦᠨ ᠡᠷᠦᠬᠡ ᠶᠢ ᠳᠠᠭᠠᠭᠠᠴᠢᠯᠠᠬᠤ︾ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ︽ᠨᠢᠭᠡ ᠨᠠᠭᠤᠷ ᠬᠠᠪᠤᠷ ᠤᠨ ᠤᠰᠤ︾ ᠶᠢ ᠠᠮᠢᠯᠠᠭᠤᠯᠵᠤ᠂ ᠡᠭᠦᠨ ᠤ ᠬᠠᠮᠲᠤ ᠨᠠᠮ ᠤᠨ | ᠭᠡᠰᠢᠭᠦᠨ ᠤ ᠬᠤᠰᠢᠭᠤᠴᠢ ᠠᠩᠭᠢ᠂ ᠡᠮᠡᠭᠲᠡᠶᠢᠴᠦᠳ ᠤᠨ ᠦᠢᠯᠡᠴᠢᠯᠡᠭᠡᠨ ᠤ ᠠᠩᠭᠢ᠂ ᠵᠠᠯᠠᠭᠤᠴᠤᠳ ᠤᠨ ᠰᠠᠶᠢᠨ | ᠳᠤᠷ᠎ᠠ ᠶᠢᠨ ᠠᠩᠭᠢ᠂ ᠲᠠᠪᠤᠨ ᠨᠠᠰᠤᠲᠠᠨ ᠤ ᠰᠠᠶᠢᠨ ᠳᠤᠷ᠎ᠠ ᠶᠢᠨ ᠠᠩᠭᠢ ᠵᠡᠷᠭᠡ ᠰᠠᠶᠢᠨ ᠳᠤᠷ᠎ᠠ ᠶᠢᠨ ᠡᠩᠨᠡᠭᠡ | ᠪᠠᠶᠢᠭᠤᠯᠵᠤ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠦᠷᠢᠯᠳᠦᠭᠦᠨ᠂ ᠲᠤᠰᠬᠠᠢ ᠲᠤᠰᠢᠶᠠᠯᠲᠤ ᠰᠦᠯᠵᠢᠶᠡᠨ ᠤ | ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ ᠵᠡᠷᠭᠡ ᠬᠥᠮᠥᠰ ᠢᠶᠠᠷ ᠭᠤᠣᠯ ᠬᠦᠴᠦᠨ ᠪᠣᠯᠭᠠᠵᠤ᠂ ᠳᠠᠭᠠᠭᠠᠴᠢᠯᠠᠨ | ᠬᠤᠯᠪᠣᠭᠠᠯᠠᠭᠰᠠᠨ ᠨᠢᠭᠡᠴᠢ᠂ ᠬᠠᠷᠢᠶ᠎ᠠ ᠳᠤ ᠰᠠᠭᠤᠭ᠎ᠠ ᠨᠢᠭᠡᠴᠢ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ | ᠠᠳᠠᠯ ᠠᠬᠤᠢ ᠶᠢᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠠᠰᠠᠷ ᠤᠨ ᠳᠠᠷᠤᠭ᠎ᠠ ᠵᠡᠷᠭᠡ ᠲᠠᠢ ᠬᠠᠮᠵᠢᠯᠴᠠᠨ | ᠰᠦᠯᠵᠢᠶᠡᠨ ᠤ ᠡᠩᠨᠡᠭᠡ ᠶᠢ ᠪᠠᠶᠢᠭᠤᠯᠵᠤ᠂ ᠰᠦᠯᠵᠢᠶᠡᠨ ᠤ ᠬᠠᠮᠵᠢᠯᠴᠠᠨ ᠵᠠᠰᠠᠬᠤ ᠲᠣᠭᠲᠠᠴᠠ ᠶᠢ ᠪᠠᠶᠢᠭᠤᠯᠵᠤ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠰᠢᠯᠤᠭᠤᠳᠬᠠᠵᠤ᠂ ᠬᠠᠮᠵᠢᠯᠴᠠᠨ ᠵᠠᠰᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠠᠵᠢᠯ ᠤᠨ ᠬᠦᠴᠦᠨ ᠢ ᠲᠣᠣᠷ ᠤᠨ ᠲᠣᠣᠷ ᠲᠤ | ᠲᠠᠯᠪᠢᠵᠤ᠂ ᠵᠠᠰᠠᠯᠲᠠ ᠶᠢ ᠠᠰᠠᠷ ᠤᠨ ᠠᠰᠠᠷ ᠲᠤ ᠬᠦᠷᠲᠡᠯ᠎ᠡ ᠦᠷᠭᠦᠯᠵᠢᠯᠡᠭᠦᠯᠵᠦ᠂ ᠰᠡᠳᠬᠢᠯ ᠢ ᠳᠤᠯᠠᠭᠠᠴᠠᠭᠤᠯᠬᠤ | ᠦᠢᠯᠡᠴᠢᠯᠡᠭᠡ ᠶᠢ ᠰᠠᠭᠤᠭᠠᠯᠢ ᠠᠷᠠᠳ ᠤᠨ ᠡᠭᠦᠳᠡᠨ ᠳᠤ ᠬᠦᠷᠭᠡᠨ᠎ᠡ᠃ | ︽ᠤᠯᠠᠭᠠᠨ ᠲᠤᠤᠷᠵᠢᠭᠰᠠᠨ ᠰᠦᠯᠵᠢᠶ᠎ᠡ︾ ᠪᠠᠷ ᠦᠢᠯᠡᠴᠢᠯᠡᠭᠡ ᠶᠢ ᠨᠠᠷᠢᠯᠢᠭᠵᠢᠭᠤᠯᠵᠤ᠂ ︽ᠪᠢᠴᠢᠯ ᠵᠠᠰᠠᠯᠲᠠ︾ ᠨᠢ | ︽ᠪᠤᠬᠢᠨᠢᠳᠤᠯ ᠲᠠᠢ ᠶᠠᠪᠤᠳᠠᠯ︾ ᠢ ᠣᠨᠢᠯᠠᠪᠠ | ᠣᠯᠠᠨ ᠲᠦᠮᠡᠨ ᠤ ᠤᠴᠢᠷ ᠶᠠᠪᠤᠳᠠᠯ ᠳᠤ ᠪᠠᠭ᠎ᠠ ᠤᠴᠢᠷ ᠭᠡᠵᠦ ᠦᠭᠡᠢ᠂ ᠰᠦᠯᠵᠢᠶᠡᠨ ᠤ ᠳᠣᠲᠣᠷ᠎ᠠ ᠠᠴᠠ ᠦᠨᠡᠨ | ᠰᠡᠳᠬᠢᠯᠭᠡ ᠶᠢ ᠣᠯᠵᠤ ᠬᠠᠷᠠᠨ᠎ᠠ᠃ ︽ᠭᠡᠷ ᠤᠨ ᠪᠣᠬᠢᠷ ᠤᠰᠤᠨ ᠤ ᠬᠤᠭᠤᠯᠠᠢ ᠪᠥᠭᠯᠡᠷᠡᠪᠡ ᠨᠠᠰᠢ ᠢᠷᠡᠵᠦ ᠦᠵᠡᠭᠡᠷᠡᠢ︾ | ︽ᠡᠮ ᠡᠮᠨᠡᠯᠭᠡ ᠶᠢᠨ ᠳᠠᠭᠠᠳᠬᠠᠯ ᠢ ᠬᠡᠷᠬᠢᠨ ᠭᠡᠷᠡᠴᠢᠯᠡᠬᠦ ᠶᠢ ᠲᠦᠷᠭᠡᠨ ᠬᠠᠷᠠᠭᠠᠴᠢ︾᠂ ᠤᠲᠠᠰᠤᠨ ᠤ ᠰᠦᠯᠵᠢᠶᠡᠨ ᠤ | ᠠᠵᠢᠯᠲᠠᠨ ᠳᠠᠷᠤᠢ ᠲᠦᠷᠭᠡᠨ ᠭᠡᠷ ᠲᠤᠨᠢ ᠬᠦᠷᠴᠦ ᠪᠠᠶᠢᠴᠠᠭᠠᠨ ᠦᠵᠡᠬᠦ ᠶᠢᠨ ᠬᠠᠮᠲᠤ ᠠᠳᠠᠯ ᠠᠬᠤᠢ ᠶᠢᠨ ᠦᠢᠯᠡᠰ ᠢ | ᠵᠣᠬᠢᠴᠠᠭᠤᠯᠵᠤ ᠪᠠᠶᠢᠭᠠᠳ ᠰᠠᠭᠤᠭᠠᠯᠢ ᠠᠷᠠᠳ ᠤᠨ ᠠᠰᠠᠭᠤᠳᠠᠯ ᠢ ᠲᠦᠷᠭᠡᠨ ᠰᠢᠢᠳᠪᠦᠷᠢᠯᠡᠵᠦ ᠥᠭᠬᠦ ᠪᠣᠯᠣᠨ᠎ᠠ᠃ | ︽ᠠᠰᠠᠷ ᠤᠨ ᠬᠤᠩᠭᠢᠯ ᠤᠨ ᠳ᠋ᠧᠩ ᠨᠣᠴᠣᠬᠤ ᠪᠠᠨ ᠪᠣᠯᠢᠪᠠ︾ ︽ᠬᠤᠭ ᠤᠨ ᠰᠠᠪᠠ ᠳᠦᠭᠦᠷᠪᠡ︾ ᠭᠡᠬᠦ ᠠᠳᠠᠯ | ᠠᠬᠤᠢ ᠶᠢᠨ APP ᠳᠡᠭᠡᠷ᠎ᠡ ᠦᠯᠡᠳᠡᠭᠡᠭᠰᠡᠨ ᠦᠭᠡ ᠪᠠᠷ᠂ ᠶᠢᠨ ᠽᠧ ᠶᠤᠸᠠᠨ ᠬᠤᠷᠢᠶᠠᠯᠠᠯ ᠤᠨ ︽ᠬᠤᠪᠢᠰᠬᠠᠯ ᠤᠨ | ᠠᠳᠠᠯ ᠠᠬᠤᠢ︾ ᠨᠢ ᠣᠯᠠᠨ ᠲᠦᠮᠡᠨ ᠢ ᠮᠠᠰᠢ ᠲᠦᠷᠭᠡᠨ ᠢᠶᠠᠷ ᠳᠠᠭᠠᠵᠤ ᠴᠢᠳᠠᠬᠤ ᠪᠣᠯᠣᠨ᠎ᠠ᠃ ᠰᠢᠨᠬᠤᠸᠠ ᠶᠤᠸᠠᠨ | ᠨᠡᠶᠢᠭᠡᠮ ᠲᠣᠭᠤᠷᠢᠭ ᠤᠨ ᠬᠢᠨ ᠢᠮᠠᠭᠲᠠ ᠤᠯᠠᠨ ᠲᠦᠮᠡᠨ ᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠷᠠᠳ ᠤᠯᠠᠨ ᠤ ᠠᠩᠬᠠᠷᠴᠤ ᠪᠠᠶᠢᠭ᠎ᠠ ︽ᠠᠷᠰᠠᠷ ᠶᠠᠪᠤᠳᠠᠯ︾ ᠢ ᠬᠠᠷᠠᠭᠠᠯᠠᠬᠤ ᠳᠠᠭᠠᠨ ᠴᠢᠳᠠᠮᠠᠭᠠᠢ | ᠪᠠᠶᠢᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠶᠠᠪᠤᠳᠠᠯ ᠠᠴᠠ ᠡᠬᠢᠯᠡᠨ ᠬᠢᠵᠦ᠂ ᠤᠯᠠᠨ ᠲᠦᠮᠡᠨ ᠤ ᠰᠡᠳᠬᠢᠯ | ᠬᠠᠨᠤᠮᠵᠢ ᠦᠭᠡᠢ ᠶᠠᠪᠤᠳᠠᠯ ᠠᠴᠠ ᠡᠬᠢᠯᠡᠨ ᠥᠭᠡᠷᠡᠴᠢᠯᠡᠪᠡ᠃ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ | ᠥᠭᠬᠦ︾ ᠠᠵᠢᠯᠯᠠᠭ᠎ᠠ ᠪᠠᠷ ᠲᠦᠰᠢᠭ ᠪᠣᠯᠭᠠᠵᠤ᠂ ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠭᠤᠷᠬᠢ | ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠰᠠᠭᠤᠭᠠᠯᠢ ᠠᠷᠠᠳ ᠬᠢᠭᠡᠳ ᠰᠦᠯᠵᠢᠶᠡᠨ ᠤ ᠠᠵᠢᠯᠲᠠᠨ ᠤ | ᠨᠡᠪᠲᠡᠷᠡᠯᠴᠡᠨ ᠬᠠᠷᠢᠯᠴᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠳᠤ ᠦᠢᠯᠡᠴᠢᠯᠡᠬᠦ | ︽ᠡᠴᠦᠰ ᠤᠨ ᠨᠢᠭᠡ ᠮᠧᠲᠷ︾ ᠢ ᠦᠨᠡᠨᠬᠦ ᠨᠠᠪᠲᠠᠷᠡᠭᠦᠯᠵᠦ᠂ ︽ᠺᠠᠳ᠋ᠷ ᠰᠦᠯᠵᠢᠶᠡᠨ ᠤ ᠳᠣᠲᠣᠷ᠎ᠠ ᠦᠢᠯᠡᠴᠢᠯᠡᠬᠦ᠂ ᠤᠴᠢᠷ | ᠶᠠᠪᠤᠳᠠᠯ ᠢ ᠰᠦᠯᠵᠢᠶᠡᠨ ᠤ ᠳᠣᠲᠣᠷ᠎ᠠ ᠰᠢᠢᠳᠪᠦᠷᠢᠯᠡᠬᠦ᠂ ᠵᠥᠷᠢᠴᠡᠯ ᠢ ᠰᠦᠯᠵᠢᠶᠡᠨ ᠤ ᠳᠣᠲᠣᠷ᠎ᠠ ᠰᠢᠢᠳᠪᠦᠷᠢᠯᠡᠬᠦ︾ ᠶᠢ | ᠦᠨᠡᠨᠬᠦ ᠪᠠᠲᠤᠯᠠᠬᠤ ᠬᠡᠷᠡᠭᠲᠡᠢ᠃ | ︽ᠤᠯᠠᠭᠠᠨ ᠲᠤᠤᠷᠵᠢᠭᠰᠠᠨ ᠰᠦᠯᠵᠢᠶ᠎ᠡ︾ ᠪᠠᠷ ᠳᠠᠷᠠᠭᠠᠯᠠᠨ ᠪᠠᠶᠢᠴᠠᠭᠠᠬᠤ ᠶᠢ ᠪᠠᠶᠢᠩᠭᠤᠵᠢᠭᠤᠯᠵᠤ᠂ ︽ᠪᠢᠴᠢᠯ | ᠵᠠᠰᠠᠯᠲᠠ︾ ᠨᠢ ︽ᠠᠮᠤᠷ ᠲᠦᠪᠰᠢᠨ ᠤ ᠨᠡᠭᠡᠯᠡᠭᠡᠢ︾ ᠶᠢ ᠴᠢᠩᠭᠠᠯᠠᠨ᠎ᠠ | ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠢᠳᠡᠭᠡᠨ ᠤ ᠠᠷᠢᠭᠤᠨ ᠴᠡᠪᠡᠷ ᠪᠠ ᠣᠷᠴᠢᠨ ᠲᠣᠭᠤᠷᠢᠨ ᠤ | ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠰᠢᠨᠬᠤᠸᠠ ᠶᠤᠸᠠᠨ ᠨᠡᠶᠢᠭᠡᠮ | ᠲᠣᠭᠤᠷᠢᠭ ᠤᠨ ᠬᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠵᠠᠭᠪᠤᠷ ᠢ ᠬᠡᠷᠡᠭᠵᠢᠭᠦᠯᠵᠦ᠂ ᠰᠦᠯᠵᠢᠶᠡᠨ ᠤ | ᠠᠵᠢᠯᠲᠠᠨ ᠪᠠ ᠬᠥᠮᠥᠨ ᠪᠦᠷᠢ ᠶᠢᠨ ᠳᠠᠳᠮᠠᠭᠠᠢ ᠪᠠᠶᠢᠬᠤ ᠳᠠᠪᠠᠭᠤᠯᠢᠭ ᠢ ᠪᠠᠳᠠᠷᠠᠭᠤᠯᠤᠨ᠂ ᠨᠡᠶᠢᠭᠡᠮ ᠤᠨ ᠬᠦᠴᠦᠨ ᠢ | ᠳᠠᠶᠢᠴᠢᠯᠠᠨ ᠣᠷᠣᠯᠴᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠪᠠ ᠢᠳᠡᠭᠡᠨ ᠤ ᠠᠮᠤᠷ | ᠲᠦᠪᠰᠢᠨ ᠤ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠬᠤ ᠵᠡᠷᠭᠡ ᠪᠠᠶᠢᠩᠭᠤ ᠶᠢᠨ ᠠᠵᠢᠯ ᠢ ᠥᠷᠨᠢᠭᠦᠯᠪᠡ᠃ ︽ᠡᠭᠦᠳᠡ | ᠲᠣᠭᠰᠢᠬᠤ ᠠᠵᠢᠯᠯᠠᠭ᠎ᠠ︾ ᠥᠷᠨᠢᠭᠦᠯᠬᠦ ᠪᠠᠷ ᠳᠠᠮᠵᠢᠭᠤᠯᠤᠨ᠂ ᠡᠳᠦᠷ ᠲᠤᠲᠤᠮ ᠤᠨ ︽ᠠᠰᠠᠷ ᠱᠦᠭᠦᠷᠳᠡᠵᠦ ᠵᠡᠭᠡᠯᠢ | ᠴᠡᠪᠡᠷᠯᠡᠬᠦ︾ ᠠᠵᠢᠯᠯᠠᠭ᠎ᠠ᠂ ᠣᠯᠠᠨ ᠳᠠᠪᠬᠤᠷᠭᠠᠲᠤ ᠪᠠᠷᠢᠯᠭ᠎ᠠ᠂ ᠦᠢᠯᠡᠳᠪᠦᠷᠢ ᠶᠢᠨ ᠭᠡᠷ ᠪᠠᠶᠢᠰᠢᠩ ᠤᠨ ᠬᠥᠮᠥᠷᠭᠡ᠂ | ᠬᠤᠭᠤᠰᠤᠨ ᠭᠠᠵᠠᠷ ᠤᠨ ᠲᠣᠮᠣ ᠬᠦᠷᠢᠶ᠎ᠡ᠂ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ᠂ ᠶᠢᠰᠦᠨ ᠵᠢᠵᠢᠭ ᠲᠠᠯᠠᠪᠤᠷ | ᠭᠠᠵᠠᠷ ᠪᠠ ᠬᠥᠮᠥᠨ ᠣᠯᠠᠨ ᠰᠠᠭᠤᠵᠤ ᠪᠠᠶᠢᠭ᠎ᠠ ᠲᠦᠷᠢᠶᠡᠰᠦᠨ ᠭᠡᠷ ᠵᠡᠷᠭᠡ ᠠᠮᠤᠷ ᠲᠦᠪᠰᠢᠨ ᠤ ᠳᠠᠯᠳᠠ ᠬᠡᠮ | ᠠᠮᠠᠷᠬᠠᠨ ᠣᠷᠣᠰᠢᠵᠤ ᠪᠠᠶᠢᠭ᠎ᠠ ᠲᠠᠯᠠᠪᠤᠷ ᠲᠤ ᠭᠤᠣᠯᠳᠠᠯᠭ᠎ᠠ ᠲᠠᠢ ᠪᠠᠷ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠵᠤ᠂ | ᠨᠢᠭᠡ ᠳᠠᠭᠤ ᠬᠤᠭᠤᠯᠠᠢ ᠠᠪᠤᠯᠴᠠᠨ᠂ ᠵᠠᠯᠭᠠᠯᠳᠤᠨ ᠵᠠᠯᠭᠠᠯᠳᠤᠭᠰᠠᠨ ︽ᠠᠮᠤᠷ ᠲᠦᠪᠰᠢᠨ ᠤ ᠬᠠᠷᠢᠯᠴᠠᠨ | ᠬᠠᠪᠰᠤᠷᠤᠯᠴᠠᠬᠤ ᠲᠣᠣᠷ︾ ᠢ ᠰᠦᠯᠵᠢᠵᠦ᠂ ᠦᠨᠳᠦᠰᠦᠨ ᠱᠠᠲᠤᠨ ᠤ ︽ᠪᠢᠴᠢᠯ ᠵᠠᠰᠠᠯᠲᠠ︾ ᠶᠢᠨ ︽ᠠᠮᠤᠷ ᠲᠦᠪᠰᠢᠨ ᠤ | ᠨᠡᠭᠡᠯᠡᠭᠡᠢ︾ ᠶᠢ ᠴᠢᠩᠭ᠎ᠠ ᠮᠤᠰᠬᠢᠵᠤ᠂ ᠠᠮᠤᠷ ᠲᠦᠪᠰᠢᠨ ᠤ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ | ᠦᠨᠡᠨᠬᠦ ᠤᠰᠠᠳᠬᠠᠬᠤ ᠬᠡᠷᠡᠭᠲᠡᠢ᠃ | ᠰᠢᠨᠬᠤᠸᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠦᠷᠭᠦᠯᠵᠢᠯᠡᠨ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠤᠯᠠᠨ ᠲᠦᠮᠡᠨ ᠢ ᠬᠦᠨᠳᠦᠳᠬᠡᠬᠦ᠂ ᠤᠯᠠᠨ ᠲᠦᠮᠡᠨ ᠢ ᠳᠠᠶᠢᠴᠢᠯᠠᠬᠤ᠂ | ᠤᠯᠠᠨ ᠲᠦᠮᠡᠨ ᠳᠤ ᠲᠦᠰᠢᠭᠯᠡᠬᠦ ᠠᠵᠢᠯ ᠤᠨ ᠠᠷᠭ᠎ᠠ ᠶᠢ ᠵᠠᠯᠭᠠᠮᠵᠢᠯᠠᠵᠤ᠂ ᠬᠠᠷᠢᠶ᠎ᠠ ᠣᠷᠣᠨ ᠤ ᠡᠬᠢ ᠪᠠᠶᠠᠯᠢᠭ ᠢᠶᠠᠨ | ᠨᠡᠶᠢᠳᠬᠡᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ | ᠰᠢᠢᠳᠪᠦᠷᠢᠯᠡᠵᠦ᠂ ︽ᠭᠡᠷ ᠤᠨ ᠡᠭᠦᠳᠡ︾ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠦᠨᠳᠦᠰᠦᠨ ᠱᠠᠲᠤᠨ ᠤ | ᠵᠠᠰᠠᠯᠲᠠ ᠶᠢᠨ ︽ᠶᠡᠭᠡ ᠵᠣᠬᠢᠶᠠᠯ︾ ᠢ ᠨᠡᠩ ᠲᠤᠰᠠᠲᠠᠢ᠂ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠡᠶ᠎ᠡ | ᠵᠣᠬᠢᠴᠠᠩᠭᠤᠢ ᠲᠣᠭᠲᠠᠭᠤᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠨᠳᠦᠰᠦᠨ ᠱᠠᠲᠤᠨ ᠤ ᠨᠡᠶᠢᠭᠡᠮ ᠤᠨ ᠠᠮᠢ | ᠠᠬᠤᠢ ᠶᠢ ᠴᠣᠭᠴᠠᠯᠠᠨ ᠪᠠᠶᠢᠭᠤᠯᠬᠤ ᠬᠡᠷᠡᠭᠲᠡᠢ᠃ | | | | | | | | | | | | | | | | ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | | |