ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠭᠤᠸᠠᠩ ᠱᠠᠨ ᠵᠢᠢ ᠳ᠋ᠧ ᠬᠢᠲᠠᠳ ᠡᠮᠨᠡᠯᠭᠡ ᠶᠢᠨ ᠡᠭᠦᠳᠡᠨ ᠡᠮᠨᠡᠯᠭᠡ ᠶᠢᠨ ᠭᠠᠵᠠᠷ ᠤᠨ ᠠᠵᠢᠯ ᠡᠷᠭᠢᠯᠡᠬᠦ ᠵᠥᠪᠰᠢᠶᠡᠷᠡᠯ ᠢ ᠵᠠᠷᠯᠠᠨ ᠨᠡᠶᠢᠲᠡᠯᠡᠬᠦ ᠵᠠᠷᠯᠠᠯ
ᠨᠡᠶᠢᠲᠡᠯᠡᠭᠰᠡᠨ ᠴᠠᠭ᠄
2024/5/7
      ︽ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ︽ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠪᠣᠯᠣᠨ ᠤᠤᠯ ᠤᠨ ᠡᠷᠡᠭᠦᠯ ᠬᠠᠮᠠᠭᠠᠯᠠᠯ ᠤᠨ ᠶᠠᠮᠤᠨ ᠤ ︽ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠤᠬᠠᠢ ᠲᠣᠭᠲᠠᠭᠠᠯ ᠤᠳ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠢᠨᠠᠨ ᠭᠤᠸᠠᠩ ᠱᠠᠨ ᠵᠢᠢ ᠳ᠋ᠧ ᠬᠢᠲᠠᠳ ᠡᠮᠨᠡᠯᠭᠡ ᠶᠢᠨ ᠡᠭᠦᠳᠡᠨ ᠡᠮᠨᠡᠯᠭᠡ ᠨᠢ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠪᠠᠷᠢᠮᠵᠢᠶ᠎ᠠ ᠳᠤ ᠨᠡᠶᠢᠴᠡᠵᠦ ᠪᠠᠶᠢᠨ᠎ᠠ᠂ ᠤᠳᠤ ᠲᠡᠭᠦᠨ ᠤ ᠠᠵᠢᠯ ᠡᠷᠬᠢᠯᠡᠬᠦ ᠵᠥᠪᠰᠢᠶᠡᠷᠡᠯ ᠢ ᠵᠠᠷᠯᠠᠨ ᠨᠡᠶᠢᠲᠡᠯᠡᠶ᠎ᠡ᠂ ᠶᠠᠮᠠᠷᠪᠠ ᠬᠤᠪᠢ ᠬᠥᠮᠥᠨ ᠪᠠ ᠨᠢᠭᠡᠴᠢ ᠴᠥᠮ ᠵᠠᠬᠢᠳᠠᠯ᠂ ᠤᠲᠠᠰᠤ᠂ ᠰᠤᠷᠪᠤᠯᠵᠢᠯᠠᠬᠤ ᠬᠡᠯᠪᠡᠷᠢ ᠪᠠᠷ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠠᠰᠠᠭᠤᠳᠠᠯ ᠢᠶᠠᠨ ᠲᠤᠰᠬᠠᠵᠤ ᠪᠣᠯᠣᠨ᠎ᠠ᠂ ᠲᠤᠰᠬᠠᠭᠰᠠᠨ ᠠᠰᠠᠭᠤᠳᠠᠯ ᠨᠢ ᠡᠷᠬᠡᠪᠰᠢ ᠪᠤᠰᠤᠳᠴᠢ ᠪᠥᠭᠡᠳ ᠲᠥᠪ ᠭᠤᠣᠯᠴᠢ᠂ ᠦᠨᠡᠨ ᠠᠴᠠ ᠵᠥᠪ ᠢ ᠡᠷᠢᠭᠰᠡᠨ ᠪᠠᠶᠢᠬᠤ ᠬᠡᠷᠡᠭᠲᠡᠢ᠃ ᠵᠠᠷᠯᠠᠨ ᠨᠡᠶᠢᠲᠡᠯᠡᠭᠰᠡᠨ ᠪᠠᠶᠢᠳᠠᠯ ᠨᠢ ᠳᠣᠣᠷᠠᠬᠢ ᠮᠡᠲᠦ᠄      ᠨᠢᠭᠡ᠂ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠰ ᠢ ᠢᠯᠡ ᠨᠡᠶᠢᠲᠡᠯᠡᠨ᠎ᠡ      ᠡᠮᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ᠄ ᠭᠤᠸᠠᠩ ᠱᠠᠨ ᠵᠢᠢ ᠳ᠋ᠧ ᠬᠢᠲᠠᠳ ᠡᠮᠨᠡᠯᠭᠡ ᠶᠢᠨ ᠡᠭᠦᠳᠡᠨ ᠡᠮᠨᠡᠯᠭᠡ ᠶᠢᠨ ᠭᠠᠵᠠᠷ     ᠲᠥᠷᠥᠯ ᠵᠦᠢᠯ᠄ ᠬᠢᠲᠠᠳ ᠡᠮᠨᠡᠯᠭᠡ ᠶᠢᠨ ᠡᠭᠦᠳᠡᠨ ᠡᠮᠨᠡᠯᠭᠡ      ᠠᠵᠢᠯ ᠡᠷᠭᠢᠯᠡᠬᠦ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠶᠣᠣ ᠵᠣᠣ ᠡᠮᠦᠨ᠎ᠡ ᠵᠡᠭᠡᠯᠢ ᠶᠢᠨ ᠱᠢ ᠶᠠᠩ ᠴᠢᠶᠣᠤ ᠡᠮᠦᠨ᠎ᠡ ᠵᠠᠮ ᠤᠨ 160 ᠳ᠋ᠤᠭᠠᠷ ᠨᠣᠮᠧᠷ ᠤᠨ 1 ︱ 2 ᠳ᠋ᠤᠭᠠᠷ ᠳᠠᠪᠬᠤᠷᠯᠢᠭ ᠤᠨ ᠬᠤᠳᠠᠯᠳᠤᠭᠠᠨ ᠤ ᠠᠰᠠᠷ      ᠡᠵᠡᠩᠨᠡᠯᠲᠡ ᠶᠢᠨ ᠰᠢᠨᠵᠢ ᠴᠢᠨᠠᠷ᠄ ᠠᠰᠢᠭ ᠣᠯᠵᠠᠪᠤᠷᠢ ᠶᠢᠨ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ      ᠣᠨᠣᠰᠢᠯᠠᠨ ᠡᠮᠨᠡᠬᠦ ᠬᠢᠴᠢᠶᠡᠯ ᠲᠥᠷᠥᠯ᠄ ᠬᠢᠲᠠᠳ ᠡᠮᠨᠡᠯᠭᠡ ᠶᠢᠨ ᠰᠠᠯᠠᠭ᠎ᠠ ︵ᠳᠣᠲᠣᠷ ᠰᠠᠯᠠᠭᠠᠨ ᠤ ᠲᠤᠰᠬᠠᠢ ᠮᠡᠷᠭᠡᠵᠢᠯ᠂ ᠬᠥᠩᠭᠡᠵᠢᠭᠦᠯᠬᠦ ᠰᠠᠯᠠᠭᠠᠨ ᠤ ᠲᠤᠰᠬᠠᠢ ᠮᠡᠷᠭᠡᠵᠢᠯ᠂ ᠬᠠᠪᠤᠳᠠᠷ ᠤᠨ ᠰᠠᠯᠠᠭᠠᠨ ᠤ ᠲᠤᠰᠬᠠᠢ ᠮᠡᠷᠭᠡᠵᠢᠯ︶︔ ᠦᠨᠳᠦᠰᠦᠲᠡᠨ ᠤ ᠠᠨᠠᠭᠠᠬᠤ ᠤᠬᠠᠭᠠᠨ ᠤ ᠰᠠᠯᠠᠭ᠎ᠠ ︵ᠲᠥᠪᠡᠳ ᠠᠨᠠᠭᠠᠬᠤ ᠤᠬᠠᠭᠠᠨ︶︔ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠬᠤ ᠰᠠᠯᠠᠭ᠎ᠠ      ᠬᠠᠤᠯᠢ ᠶᠢᠨ ᠡᠷᠬᠡᠲᠡᠨ᠄ ᠯᠢᠦ ᠢ ᠮᠢᠨ      ᠭᠤᠣᠯ ᠬᠠᠷᠢᠭᠤᠴᠠᠯᠭᠠᠲᠠᠨ᠄ ᠠᠢ ᠴᠢᠩ ᠹᠧᠨ      ᠬᠤᠶᠠᠷ᠂ ᠢᠯᠡ ᠨᠡᠶᠢᠲᠡᠯᠡᠬᠦ ᠴᠠᠭ      2024 ᠣᠨ ᠤ 5 ᠰᠠᠷ᠎ᠠ ᠶᠢᠨ 7 ᠤ ᠡᠳᠦᠷ --- 2024 ᠣᠨ ᠤ 5 ᠰᠠᠷ᠎ᠠ ᠶᠢᠨ 11 ᠤ ᠡᠳᠦᠷ ︵5 ᠠᠵᠢᠯ ᠤᠨ ᠡᠳᠦᠷ︶᠃      ᠭᠤᠷᠪᠠ᠂ ᠬᠠᠷᠢᠯᠴᠠᠬᠤ ᠤᠲᠠᠰᠤ      0471-5619836                 ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ                            ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                               2024 ᠣᠨ ᠤ 5 ᠰᠠᠷ᠎ᠠ ᠶᠢᠨ 6 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号