︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠢ ᠬᠠᠮᠠᠭᠠᠯᠠᠬᠤ ᠬᠠᠤᠯᠢ︾ ᠶᠢᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷᠯᠠᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ 2024 ᠣᠨ ᠤ ᠬᠢᠨᠠᠯᠲᠠ ᠲᠠᠯᠪᠢᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ 5 | ᠰᠠᠷ᠎ᠠ ᠠᠴᠠ 6 ᠰᠠᠷ᠎ᠠ ᠪᠤᠯᠲᠠᠯ᠎ᠠ ᠪᠦᠭᠦ ᠣᠷᠣᠨ ᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠠᠲᠤᠨ ᠭᠤᠣᠯ ᠢ ᠬᠠᠮᠠᠭᠠᠯᠠᠬᠤ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠨ᠎ᠡ᠃ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠭᠤᠣᠯᠳᠠᠯᠭ᠎ᠠ ᠲᠠᠢ ᠠᠭᠤᠯᠭ᠎ᠠ ᠳᠤ᠄ ᠬᠠᠤᠯᠢ ᠴᠠᠭᠠᠵᠠ ᠶᠢ | ᠤᠬᠠᠭᠤᠯᠤᠨ ᠲᠦᠭᠡᠮᠡᠯᠵᠢᠭᠦᠯᠦᠭᠰᠡᠨ᠂ ᠬᠠᠮᠢᠶ᠎ᠠ ᠪᠦᠬᠦᠢ ᠲᠥᠯᠦᠪᠵᠢᠭᠦᠯᠭᠡ ᠶᠢ ᠲᠣᠭᠲᠠᠭᠠᠨ ᠨᠠᠶᠢᠳᠠᠪᠤᠷᠢᠵᠢᠭᠤᠯᠤᠭᠰᠠᠨ᠂ | ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠭᠰᠠᠨ ᠵᠡᠷᠭᠡ ᠪᠠᠶᠢᠳᠠᠯ︔ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠭᠰᠡᠨ ᠪᠠᠶᠢᠳᠠᠯ︔ ᠤᠰᠤᠨ ᠤ ᠡᠬᠢ ᠪᠠᠶᠠᠯᠢᠭ ᠢ ᠠᠷᠪᠢᠲᠠᠢ | ᠡᠷᠴᠢᠮᠯᠢᠭ ᠠᠰᠢᠭᠯᠠᠭᠰᠠᠨ ᠪᠠᠶᠢᠳᠠᠯ︔ ᠦᠶᠡᠷ ︵ᠰᠥᠩ ᠬᠠᠯᠢᠶ᠎ᠠ ᠶᠢ ᠰᠡᠷᠭᠡᠶᠢᠯᠡᠬᠦ︶ ᠤᠨ ᠭᠠᠮᠰᠢᠭ ᠢ ᠪᠠᠭᠠᠰᠬᠠᠬᠤ | ᠰᠢᠰᠲ᠋ᠧᠮ ᠤᠨ ᠪᠠᠶᠢᠭᠤᠯᠤᠯᠲᠠ᠂ ᠰᠠᠪᠠ ᠭᠠᠵᠠᠷ ᠤᠨ ᠬᠠᠮᠢᠶᠠᠷᠤᠯᠲᠠ ᠬᠢᠭᠡᠳ ᠰᠠᠭᠤᠭᠠᠯᠢ ᠠᠷᠠᠳ ᠢ ᠨᠡᠭᠦᠯᠭᠡᠨ | ᠪᠠᠶᠢᠭᠤᠯᠤᠭᠰᠠᠨ ᠪᠠᠶᠢᠳᠠᠯ︔ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠭᠰᠠᠨ ᠪᠠᠶᠢᠳᠠᠯ︔ ᠰᠠᠪᠠ ᠭᠠᠵᠠᠷ ᠤᠨ ᠠᠵᠤ | ᠦᠢᠯᠡᠰ ᠤᠨ ᠪᠦᠲᠦᠴᠡ ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢᠨ ᠪᠠᠶᠢᠳᠠᠯ︔ ᠬᠠᠳᠤᠨ ᠭᠤᠣᠯ ᠤᠨ | ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠤᠭᠰᠠᠨ ᠪᠠᠶᠢᠳᠠᠯ︔ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠳᠠᠯ︔ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠢ | ᠬᠠᠮᠠᠭᠠᠯᠠᠬᠤ ᠬᠠᠤᠯᠢ︾ ᠶᠢᠨ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠵᠡᠷᠭᠡ | ᠪᠠᠭᠲᠠᠨ᠎ᠠ᠃ | ᠬᠤᠯᠪᠣᠭᠳᠠᠯ ᠪᠦᠬᠦᠢ ᠪᠠᠶᠢᠳᠠᠯ ᠢ ᠪᠦᠭᠦ ᠲᠠᠯ᠎ᠠ ᠪᠠᠷ ᠭᠦᠨᠵᠡᠭᠡᠢ ᠣᠶᠢᠯᠠᠭᠠᠬᠤ ᠶᠢᠨ ᠲᠥᠯᠥᠭᠡ᠂ ᠣᠲᠣ ᠠᠯᠪᠠᠨ | ᠵᠠᠷᠯᠠᠯ ᠨᠡᠶᠢᠲᠡᠯᠡᠵᠦ ᠨᠡᠶᠢᠭᠡᠮ ᠨᠡᠶᠢᠲᠡ ᠠᠴᠠ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ ᠢᠯᠡ ᠪᠠᠷ ᠬᠤᠷᠢᠶᠠᠬᠤ ᠪᠠᠷ | ᠪᠤᠶ᠂ ᠰᠠᠨᠠᠯ ᠬᠤᠷᠢᠶᠠᠬᠤ ᠬᠤᠭᠤᠴᠠᠭ᠎ᠠ ᠨᠢ 2024 ᠣᠨ ᠤ 6 ᠰᠠᠷ᠎ᠠ ᠶᠢᠨ 11 ᠤ ᠡᠳᠦᠷ ᠪᠤᠯᠲᠠᠯ᠎ᠠ᠃ | ᠬᠠᠷᠢᠯᠴᠠᠬᠤ ᠬᠥᠮᠥᠨ᠄ ᠭᠤᠤ ᠯᠢᠨ ᠰᠦᠨ ᠬᠠᠨ | ᠤᠲᠠᠰᠤ ( ᠹᠠᠺᠰ )᠄ 0471–6600437 6600659 | ᠢᠮᠧᠯ᠄ rdgaolin @ 163.com | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠶᠢᠨ ᠰᠢᠨ᠎ᠡ ᠬᠤᠲᠠ | ᠲᠣᠭᠤᠷᠢᠭ ᠤᠨ ᠵᠥᠩ ᠱᠠᠨ ᠵᠡᠭᠦᠨ ᠵᠠᠮ ᠤᠨ 3 ᠳ᠋ᠤᠭᠠᠷ ᠨᠣᠮᠧᠷ ᠲᠠᠬᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠣᠷᠴᠢᠨ | ᠲᠣᠭᠤᠷᠢᠨ ᠤ ᠡᠬᠢ ᠪᠠᠶᠠᠯᠢᠭ ᠤᠨ ᠠᠵᠢᠯ ᠤᠨ ᠵᠥᠪᠯᠡᠯ | ᠰᠢᠤᠳᠠᠨ ᠨᠣᠮᠧᠷ᠄ 010020 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ | 2024 ᠣᠨ ᠤ 5 ᠰᠠᠷ᠎ᠠ ᠶᠢᠨ 7 ᠤ ᠡᠳᠦᠷ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ | | |