ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠪᠣᠯᠣᠨ ᠤᠯᠤᠰ ᠤᠨ ᠰᠢᠯᠭᠠᠯᠲᠠ ᠶᠢᠨ ᠬᠤᠭᠤᠴᠠᠭᠠᠨ ᠳᠠᠬᠢ ᠬᠡᠷᠡᠭᠯᠡᠭᠡᠨ ᠤ ᠵᠠᠬ᠎ᠠ ᠳᠡᠯᠭᠡᠭᠦᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/6/11
      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠣᠶᠢᠷᠠᠲᠤᠵᠤ᠂ ᠪᠠᠰᠠ ᠤᠯᠤᠰ ᠤᠨ ᠰᠢᠯᠭᠠᠯᠲᠠ ᠴᠠᠭ ᠬᠤᠭᠤᠴᠠᠭ᠎ᠠ ᠲᠤᠯᠭᠠᠷᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠪᠠᠶᠠᠷ ᠤᠨ ᠡᠳᠦᠷ ᠤᠨ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠥᠷᠭᠡᠨ ᠣᠯᠠᠨ ᠰᠤᠷᠤᠭᠴᠢᠳ ᠲᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠪᠠᠶᠢᠷᠢᠯᠠᠭᠤᠯ ᠣᠯᠳᠠ ᠪᠠᠨ ᠴᠢᠩᠭᠠᠳᠭᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠰᠢᠯᠭᠠᠭᠰᠠᠳ᠂ ᠭᠡᠷ  ᠤᠨ ᠠᠬᠠᠮᠠᠳ ᠪᠣᠯᠣᠨ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃
     ᠪᠠᠶᠠᠷ ᠤᠨ ᠡᠳᠦᠷ ᠤᠨ ᠬᠡᠷᠡᠭᠯᠡᠭᠡᠨ ᠤ ᠬᠡᠷᠡᠭᠴᠡᠭᠡ ᠶᠢᠨ ᠲᠣᠭᠤᠷᠢᠨ ᠳᠤ᠂ ᠪᠠᠶᠠᠷ ᠤᠨ ᠡᠳᠦᠷ ᠤᠨ ᠲᠠᠸᠠᠷ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠣᠰ ᠤᠳᠠᠭᠠᠨ ᠤ ᠪᠠᠶᠢᠴᠠᠭᠠᠯᠲᠠ ᠨᠢ ᠪᠠᠶᠠᠷ ᠤᠨ ᠡᠳᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠽᠦᠩᠽᠢ᠂ ᠬᠦᠢᠲᠡᠨ ᠪᠣᠭᠤᠷᠰᠤᠭ ᠵᠡᠷᠭᠡ ᠬᠠᠯᠠᠭᠤᠨ ᠪᠣᠷᠤᠯᠠᠭᠤᠯᠭ᠎ᠠ ᠶᠢᠨ ᠢᠳᠡᠭᠡᠨ ᠢ ᠪᠣᠷᠣᠯᠠᠭᠤᠯᠵᠤ ᠪᠠᠶᠢᠭ᠎ᠠ ᠬᠤᠳᠠᠯᠳᠤᠭᠠᠨ ᠤ ᠡᠷᠦᠬᠡ ᠪᠠᠷ ᠭᠤᠣᠯᠳᠠᠯᠭ᠎ᠠ ᠲᠠᠢ ᠪᠠᠶᠢᠴᠠᠭᠠᠬᠤ ᠡᠲᠡᠭᠡᠳ ᠪᠣᠯᠭᠠᠵᠤ᠂ ᠡᠵᠡᠩᠨᠡᠯᠲᠡ ᠶᠢᠨ ᠨᠢᠭᠡᠴᠢ ᠶᠢᠨ ᠲᠠᠯᠠᠪᠤᠷ ᠭᠠᠵᠠᠷ ᠨᠢ ᠠᠷᠢᠭᠤᠨ ᠴᠡᠪᠡᠷ ᠪᠠᠶᠢᠬᠤ ᠡᠰᠡᠬᠦ᠂ ᠡᠵᠡᠩᠨᠡᠯᠲᠡ ᠶᠢᠨ ᠬᠢᠷᠢ ᠬᠡᠮ ᠨᠢ ᠬᠠᠤᠯᠢ ᠶᠣᠰᠣᠨ ᠤ ᠪᠥᠭᠡᠳ ᠬᠦᠴᠦᠨ ᠲᠠᠢ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠬᠠᠳᠠᠭᠠᠯᠠᠬᠤ ᠨᠥᠬᠦᠴᠡᠯ ᠨᠢ ᠬᠢᠷᠢ ᠲᠡᠩᠴᠡᠭᠰᠡᠨ ᠡᠰᠡᠬᠦ᠂ ︽ᠭᠤᠷᠪᠠ ᠶᠢ ᠰᠡᠷᠭᠡᠶᠢᠯᠡᠬᠦ︾ ᠪᠡᠯᠡᠳᠬᠡᠮᠵᠢ ᠨᠢ ᠪᠠᠷᠢᠮᠵᠢᠶ᠎ᠠ ᠳᠤ ᠬᠦᠷᠦᠭᠰᠡᠨ ᠡᠰᠡᠬᠦ ᠶᠢ ᠪᠠᠶᠢᠴᠠᠭᠠᠵᠤ᠂ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠤᠨ᠂ ᠢᠳᠡᠭᠡᠨ ᠢ ᠬᠤᠳᠠᠯᠳᠤᠨ ᠠᠪᠴᠤ ᠣᠷᠣᠭᠤᠯᠤᠭᠰᠠᠨ ᠨᠢ ᠡᠬᠢ ᠡᠭᠦᠰᠦᠯ ᠢ ᠨᠢ ᠡᠷᠢᠵᠦ ᠪᠣᠯᠬᠤ ᠶᠢ ᠪᠠᠲᠤᠯᠠᠪᠠ᠃ ᠡᠭᠦᠨ ᠤ ᠬᠠᠮᠲᠤ᠂ ᠬᠤᠳᠠᠯᠳᠤᠭᠠᠴᠢᠨ ᠤ ᠬᠡᠮᠵᠢᠭᠦᠷ᠂ ᠦᠨ᠎ᠡ ᠬᠠᠩᠰᠢ ᠵᠢᠴᠢ ᠪᠣᠭᠤᠳᠠᠯᠯᠠᠬᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠪᠠᠶᠢᠴᠠᠭᠠᠨ ᠵᠢᠷᠤᠮᠵᠢᠭᠤᠯᠪᠠ᠂ ᠪᠠᠷᠢᠮᠵᠢᠶ᠎ᠠ ᠪᠠᠷ ᠲᠣᠭᠲᠠᠭᠠᠭᠰᠠᠨ ᠲᠠᠤᠬᠠᠢ ᠨᠣᠮᠧᠷ ᠢᠶᠠᠷ ᠬᠤᠳᠠᠯᠳᠤᠭᠠᠴᠢᠨ ᠤ ᠬᠡᠮᠵᠢᠯᠲᠡ ᠶᠢᠨ ᠪᠠᠭᠠᠵᠢ ᠬᠡᠷᠡᠭᠰᠡᠯ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠭᠰᠠᠨ᠂ ᠵᠢᠩ ᠳᠤᠲᠠᠭᠤ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠰᠢᠯᠭᠠᠵᠤ᠂ ᠬᠤᠳᠠᠯᠳᠤᠭᠠᠴᠢᠳ ᠤᠨ ᠱᠠᠲᠤ ᠱᠠᠲᠤ ᠪᠠᠷ ᠨᠡᠶᠢᠯᠡᠭᠦᠯᠦᠭᠰᠡᠨ ᠽᠦᠩᠽᠢ ᠪᠡᠯᠡᠭ ᠤᠨ ᠬᠠᠶᠢᠷᠴᠠᠭ ᠢᠶᠠᠷ ᠳᠠᠮᠵᠢᠭᠤᠯᠤᠨ ᠽᠦᠩᠽᠢ ᠶᠢᠨ ᠬᠤᠳᠠᠯᠳᠤᠬᠤ ᠦᠨ᠎ᠡ ᠶᠢ ᠳᠡᠭᠡᠭᠰᠢᠯᠡᠭᠦᠯᠬᠦ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠪᠡ᠃
     ᠰᠢᠯᠭᠠᠭᠤᠯᠤᠭᠰᠠᠳ᠂ ᠭᠡᠷ ᠤᠨ ᠠᠬᠠᠮᠠᠳ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠤᠨ ᠰᠢᠯᠭᠠᠯᠲᠠ ᠶᠢᠨ ᠬᠠᠮᠢᠶ᠎ᠠ ᠪᠦᠬᠦᠢ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠢᠳᠡᠭᠡᠨ᠂ ᠡᠮ ᠤᠨ ᠵᠦᠢᠯ ᠪᠣᠯᠣᠨ ᠰᠣᠶᠣᠯ ᠤᠨ ᠪᠦᠲᠦᠭᠡᠭᠳᠡᠬᠦᠨ ᠤ ᠠᠮᠤᠷ ᠲᠦᠪᠰᠢᠨ ᠳᠤ ᠭᠤᠣᠯᠳᠠᠯᠭ᠎ᠠ ᠲᠠᠢ ᠲᠤᠰᠬᠠᠢ ᠪᠠᠶᠢᠴᠠᠭᠠᠯᠲᠠ ᠬᠢᠵᠡᠢ᠃ ᠡᠵᠡᠩᠨᠡᠭᠴᠢᠳ ᠢ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠴᠢᠬᠤᠯᠠᠴᠢᠯᠠᠨ᠂ ︽ᠭᠤᠷᠪᠠ ᠦᠭᠡᠢ︾᠂ ᠬᠤᠭᠤᠴᠠᠭ᠎ᠠ ᠥᠩᠭᠡᠷᠡᠭᠰᠡᠨ᠂ ᠴᠢᠨᠠᠷ ᠬᠤᠪᠢᠷᠠᠭᠰᠠᠨ ᠵᠡᠷᠭᠡ ᠬᠢᠷᠢ ᠲᠡᠩᠴᠡᠬᠦ ᠦᠭᠡᠢ ᠽᠦᠩᠽᠢ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃ ᠣᠯᠵᠤ ᠮᠡᠳᠡᠭᠰᠡᠨ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢ ᠰᠢᠮᠳᠠᠭᠤᠯᠵᠤ ᠪᠠᠶᠢᠭᠠᠳ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号