ᠬᠤᠲᠣᠩ ᠠᠷᠠᠳ ᠤᠨ ᠲᠣᠭᠤᠷᠢᠭ ᠲᠤ︕ ᠤᠯᠤᠰ ᠤᠨ ᠰᠢᠯᠭᠠᠯᠲᠠ ᠶᠢᠨ ᠠᠩᠬᠠᠨ ᠤ ᠡᠳᠦᠷ ᠲᠤᠬᠠᠢ ᠶᠢᠨ ᠲᠠᠯᠠᠪᠠᠢ ᠳᠤ ᠢᠷᠠᠵᠠᠢ
ᠨᠡᠶᠢᠲᠡᠯᠡᠭᠰᠡᠨ ᠴᠠᠭ᠄
2024/6/11
     ᠥᠨᠥ ᠥᠷᠯᠥᠭᠡ      ᠬᠤᠲᠠ ᠶᠢᠨ ᠦᠢᠮᠡᠭᠡᠨ ᠳᠡᠪᠵᠢᠶᠡᠨ ︽ᠲᠠᠶᠢᠪᠤᠩ ᠳᠠᠷᠤᠪᠴᠢ︾ ᠶᠢ ᠳᠠᠷᠤᠵᠠᠢ      ᠰᠢᠯᠭᠠᠭᠰᠠᠳ ᠬᠦᠰᠡᠯ ᠵᠡᠭᠦᠳᠦ ᠪᠠᠨ ᠡᠪᠦᠷᠯᠡᠨ ᠰᠢᠯᠭᠠᠯᠲᠠ ᠶᠢᠨ ᠲᠠᠯᠠᠪᠤᠷ ᠲᠤ ᠮᠣᠷᠳᠠᠪᠠ      ᠵᠠᠯᠠᠭᠤ ᠨᠠᠰᠤᠨ ᠤ ᠬᠠᠷᠢᠭᠤᠯᠲᠠ ᠪᠠᠨ ᠬᠦᠴᠦᠯᠡᠨ ᠪᠢᠴᠢᠭᠯᠡᠬᠦ
     ᠥᠷᠯᠥᠭᠡ ᠶᠢᠨ 7 ᠴᠠᠭ 30 ᠮᠢᠨᠦ᠋ᠲ ᠲᠤ᠂ ᠰᠢᠯᠭᠠᠯᠲᠠ ᠡᠬᠢᠯᠡᠬᠦ ᠠᠴᠠ ᠡᠮᠦᠨᠡᠬᠢ ᠨᠢᠭᠡ ᠴᠠᠭ ᠬᠠᠭᠠᠰ ᠣᠷᠴᠢᠮ ᠪᠠᠶᠢᠵᠤ᠂ ᠬᠥᠬᠡᠬᠤᠲᠠ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠭᠦᠳᠡᠨ ᠳᠤ᠂ ᠰᠢᠯᠭᠠᠭᠰᠠᠳ ᠰᠢᠯᠭᠠᠯᠲᠠ ᠡᠬᠢᠯᠡᠬᠦ ᠠᠴᠠ ᠡᠮᠦᠨ᠎ᠡ ᠮᠡᠳᠡᠯᠭᠡ ᠶᠢᠨ ᠴᠡᠭ ᠢᠶᠠᠨ ᠬᠢᠨᠠᠮᠠᠭᠠᠢ ᠳᠠᠪᠲᠠᠪᠠ᠃
     ᠨᠠᠢᠮᠠᠨ ᠴᠠᠭ ᠤᠨ ᠣᠷᠴᠢᠮ ᠨᠢᠭᠡᠨᠲᠡ ᠵᠠᠯᠭᠠᠭ᠎ᠠ ᠪᠠᠷ ᠰᠢᠯᠭᠠᠭᠤᠯᠤᠭᠴᠢ ᠢᠲᠡᠭᠡᠯ ᠲᠡᠭᠦᠯᠳᠡᠷ ᠠᠯᠬᠤᠭ᠎ᠠ ᠪᠠᠷ ᠰᠢᠯᠭᠠᠯᠲᠠ ᠶᠢᠨ ᠴᠡᠭ ᠲᠤ ᠠᠯᠬᠤᠨ ᠣᠷᠣᠵᠤ᠂ ᠲᠠᠳᠠ ᠬᠡᠬᠦᠳᠡᠭ ᠳᠦᠭᠦᠷᠡᠩ ᠢᠷᠡᠭᠡᠳᠦᠢ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠡᠪᠦᠷᠯᠡᠨ᠂ ᠪᠠᠭᠰᠢ ᠨᠠᠷ ᠤᠨ ᠰᠠᠶᠢᠨ ᠰᠠᠶᠢᠬᠠᠨ ᠬᠦᠰᠡᠯ ᠵᠥᠩᠨᠡᠯ ᠢ ᠡᠪᠦᠷᠯᠡᠨ᠂ ᠴᠤᠭ ᠪᠠᠳᠠᠷᠠᠩᠭᠤᠢ ᠲᠡᠮᠡᠴᠡᠯ ᠤᠨ ᠳᠦᠷᠰᠦ ᠪᠠᠶᠢᠳᠠᠯ ᠢᠶᠠᠷ ᠬᠥᠮᠥᠨ ᠤ ᠠᠮᠢᠳᠤᠷᠠᠯ ᠤᠨ ᠠᠩᠬᠠᠨ ᠤ ᠶᠡᠭᠡ ᠰᠢᠯᠭᠠᠯᠲᠠ ᠶᠢ ᠤᠭᠲᠤᠵᠤ᠂ ᠥᠪᠡᠷ ᠤᠨ ᠬᠦᠰᠡᠯ ᠵᠡᠭᠦᠳᠦ ᠪᠠᠨ ᠲᠡᠷᠭᠡᠯᠰᠢᠭᠦᠯᠵᠦ ᠲᠡᠮᠡᠴᠡᠨ᠎ᠡ᠃
     ᠰᠢᠯᠭᠠᠭᠰᠠᠳ ᠲᠡᠮᠡᠴᠡᠯ ᠤᠨ ᠵᠣᠷᠢᠭ ᠪᠠᠳᠠᠷᠠᠩᠭᠤᠢ ᠪᠠᠷ ᠰᠢᠯᠭᠠᠯᠲᠠ ᠶᠢᠨ ᠲᠠᠯᠠᠪᠠᠢ ᠳᠤ ᠣᠷᠣᠵᠤ᠂ ᠪᠠᠭᠰᠢ᠂ ᠭᠡᠷ ᠤᠨ ᠠᠬᠠᠮᠠᠳ ᠨᠠᠷ ᠵᠠᠮ ᠬᠠᠪᠴᠢᠨ ᠪᠢᠯᠬᠠᠵᠤ ᠦᠳᠡᠨ ᠮᠣᠷᠳᠠᠭᠤᠯᠵᠤ᠂ ᠲᠡᠳᠡᠨ ᠳᠤ ︽ᠠᠯᠲᠠᠨ ᠰᠠᠮᠪᠠᠷ᠎ᠠ ᠶᠢᠨ ᠨᠡᠷᠡᠰ᠂ ᠢᠷᠡᠭᠡᠳᠦᠢ ᠶᠢᠨ ᠵᠠᠮ ᠭᠡᠮᠡᠷ︾ ᠭᠡᠬᠦ ᠵᠥᠩᠨᠡᠯ ᠳᠡᠪᠰᠢᠭᠦᠯᠵᠡᠢ᠃
     ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠨᠠᠷ ᠤᠯᠠᠭᠠᠨ ᠬᠤᠪᠴᠠᠰᠤ ᠡᠮᠦᠰᠴᠦ᠂ ᠭᠠᠷ ᠲᠠᠭᠠᠨ ᠬᠦᠴᠦ ᠨᠡᠮᠡᠵᠦ ᠬᠥᠨᠳᠡᠯᠡᠨ ᠪᠢᠴᠢᠭᠡᠰᠦ ᠪᠠᠷᠢᠵᠤ᠂ ᠰᠢᠯᠭᠠᠭᠰᠠᠳ ᠲᠤ ᠰᠦᠷ ᠦᠵᠡᠭᠦᠯᠪᠡ᠃ ᠤᠳᠠᠭ᠎ᠠ ᠪᠦᠷᠢ ᠥᠪᠡᠷ ᠤᠨ ᠰᠤᠷᠤᠭᠴᠢ ᠪᠠᠨ ᠣᠯᠵᠤ ᠦᠵᠡᠬᠦ ᠪᠦᠷᠢ ᠴᠥᠮ ᠲᠡᠪᠡᠷᠢᠵᠦ ᠪᠠᠶᠢᠬᠤ ᠪᠤᠶᠤ ᠰᠤᠷᠤᠭᠴᠢᠳ ᠲᠠᠢ ᠬᠠᠩᠭᠢᠨᠠᠲᠠᠯ᠎ᠠ ᠠᠯᠠᠭ᠎ᠠ ᠲᠠᠰᠢᠵᠤ᠂ ᠵᠣᠷᠢᠭᠵᠢᠭᠤᠯᠬᠤ ᠪᠠᠨ ᠢᠯᠡᠳᠬᠡᠳᠡᠭ᠃ ᠪᠠᠰᠠ ᠰᠤᠷᠤᠭᠴᠢᠳ ᠲᠤ ︽ᠰᠡᠳᠬᠢᠯᠭᠡ ᠪᠠᠨ ᠰᠤᠯᠠ ᠲᠠᠯᠪᠢᠵᠤ᠂ ᠬᠡᠪ ᠤᠨ ᠪᠠᠶᠢᠳᠠᠯ ᠢᠶᠠᠷ ᠪᠠᠳᠠᠷᠠᠭᠤᠯᠪᠠᠯ ᠪᠣᠯᠴᠢᠬᠠᠨ᠎ᠠ︕︾ ᠭᠡᠵᠦ ᠵᠠᠬᠢᠪᠠ᠃
     ᠰᠢᠯᠭᠠᠯᠲᠠ ᠶᠢᠨ ᠲᠠᠯᠠᠪᠤᠷ ᠲᠤ᠂ ᠰᠢᠯᠭᠠᠭᠤᠯᠤᠭᠴᠢ ᠰᠢᠯᠭᠠᠯᠲᠠ ᠪᠠᠨ ᠪᠢᠴᠢᠵᠦ ᠬᠦᠰᠡᠯ ᠵᠡᠭᠦᠳᠦ ᠪᠠᠨ ᠬᠥᠭᠡᠭᠡᠴᠡᠯᠳᠦᠬᠦ ᠪᠠᠷ ᠡᠴᠦᠰ ᠤᠨ ᠰᠢᠪᠲᠤᠯᠤᠯᠲᠠ ᠬᠢᠨ᠎ᠡ︔ ᠰᠢᠯᠭᠠᠯᠲᠠ ᠶᠢᠨ ᠲᠠᠯᠠᠪᠤᠷ ᠠᠴᠠ ᠭᠠᠳᠠᠨ᠎ᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠳᠠ ᠶᠢᠨ ᠬᠠᠮᠢᠶᠠᠷᠤᠯᠲᠠ᠂ ᠡᠮ ᠡᠮᠨᠡᠯᠭᠡ᠂ ᠬᠥᠬᠡᠬᠤᠲᠠ ᠶᠢᠨ ᠵᠢᠷᠤᠮ ᠤᠨ ᠴᠠᠭᠳᠠᠭ᠎ᠠ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠴᠤ ᠲᠠᠯᠠᠪᠤᠷ ᠤᠨ ᠭᠠᠳᠠᠨᠠᠬᠢ ︽ᠰᠢᠯᠭᠠᠯᠲᠠ ᠳᠤ ᠲᠤᠰᠠᠯᠠᠬᠤ ᠭᠤᠣᠯ ᠬᠦᠴᠦᠨ︾ ᠢ ᠰᠠᠶᠢᠲᠤᠷ ᠬᠢᠵᠦ᠂ ᠡᠨᠡ ᠵᠢᠯ ᠤᠨ ᠤᠯᠤᠰ ᠤᠨ ᠰᠢᠯᠭᠠᠯᠲᠠ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃
     ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠮ ᠬᠠᠷᠢᠯᠴᠠᠭᠠᠨ ᠤ ᠴᠠᠭᠳᠠᠭ᠎ᠠ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠤᠯᠤᠰ ᠤᠨ ᠰᠢᠯᠭᠠᠯᠲᠠ ᠶᠢ ᠤᠷᠤᠭᠰᠢᠲᠠᠢ ᠶᠠᠪᠤᠭᠳᠠᠬᠤ ᠬᠠᠮᠠᠭᠠᠯᠠᠵᠤ᠂ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠶᠢ ᠴᠢᠩᠭᠠᠳᠬᠠᠨ᠂ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠳᠠᠯᠠᠵᠤ᠂ ᠤᠯᠤᠰ ᠤᠨ ᠰᠢᠯᠭᠠᠯᠲᠠ ᠶᠢᠨ ︽ᠰᠠᠭᠠᠳ ᠦᠭᠡᠢ ᠨᠡᠪᠲᠡᠷᠡᠬᠦ ᠵᠠᠮ︾ ᠭᠠᠷᠭᠠᠵᠤ᠂ ︽ᠤᠯᠤᠰ ᠤᠨ ᠰᠢᠯᠭᠠᠯᠲᠠ ᠶᠢᠨ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠴᠡᠭ︾ ᠭᠠᠷᠭᠠᠬᠤ᠂ ᠴᠠᠭᠳᠠᠭᠠᠨ ᠤ ᠲᠡᠷᠭᠡ ᠶᠢ ᠬᠡᠷᠡᠭᠯᠡᠨ ︽ᠬᠠᠶᠢᠷ᠎ᠠ ᠬᠠᠯᠠᠮᠵᠢ ᠶᠢᠨ ᠰᠢᠯᠭᠠᠯᠲᠠ ᠶᠢ ᠬᠠᠮᠠᠭᠠᠯᠠᠬᠤ︾ ᠵᠡᠷᠭᠡ ᠠᠯᠢ ᠣᠯᠠᠨ ᠠᠷᠭ᠎ᠠ ᠬᠡᠮᠵᠢᠶ᠎ᠡ ᠠᠪᠴᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠥᠷᠭᠡᠨ ᠣᠯᠠᠨ ᠰᠢᠯᠭᠠᠭᠤᠯᠤᠭᠴᠢ ᠳᠤ ᠦᠢᠯᠡᠴᠢᠯᠡᠬᠦ ᠶᠢ ᠪᠣᠳᠠᠲᠠᠶᠢᠵᠢᠭᠤᠯᠵᠤ᠂ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠠᠶᠠᠯᠠᠯ ᠢ ᠬᠠᠮᠠᠭᠠᠯᠠᠵᠤ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠤ ᠡᠮᠬᠢ ᠵᠢᠷᠤᠮ ᠲᠠᠢ ᠰᠠᠭᠠᠳ ᠦᠭᠡᠢ ᠨᠡᠪᠲᠡᠷᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃
     ᠰᠠᠶᠢᠨ ᠳᠤᠷ᠎ᠠ ᠶᠢᠨ ᠵᠠᠯᠠᠭᠤ ᠦᠢᠯᠡᠴᠢᠯᠡᠭᠴᠢᠳ ᠰᠢᠯᠭᠠᠯᠲᠠ ᠶᠢᠨ ᠴᠡᠭ ᠤᠨ ᠡᠭᠦᠳᠡᠨ ᠳᠤ ᠤᠯᠤᠰ ᠤᠨ ᠰᠢᠯᠭᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠰᠢᠯᠭᠠᠭᠤᠯᠤᠭᠴᠢ ᠵᠢᠴᠢ ᠭᠡᠷ ᠤᠨ ᠠᠬᠠᠮᠠᠳ ᠲᠤ ᠰᠦᠢᠳᠬᠡᠯ ᠬᠤᠷᠢᠶᠠᠬᠤ ᠦᠭᠡᠢ ᠪᠠᠷ ᠤᠤᠭᠤᠬᠤ ᠤᠰᠤ᠂ ᠦᠨ᠎ᠡ ᠲᠥᠯᠥᠪᠦᠷᠢ ᠦᠭᠡᠢ ᠪᠠᠷ ᠪᠢᠴᠢᠭ ᠤᠨ ᠬᠡᠷᠡᠭᠰᠡᠯ᠂ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠡᠳ᠋ ᠵᠡᠷᠭᠡ ᠨᠠᠷᠢᠨ ᠨᠢᠮᠪᠠᠢ᠂ ᠳᠣᠲᠣᠨᠣ ᠰᠢᠯᠭᠠᠯᠲᠠ ᠳᠤ ᠲᠤᠰᠠᠯᠠᠬᠤ ᠲᠤᠰᠬᠠᠢ ᠦᠢᠯᠡᠴᠢᠯᠡᠭᠡ ᠬᠠᠩᠭᠠᠪᠠ᠃
     ᠲᠤᠬᠠᠢ ᠶᠢᠨ ᠲᠠᠯᠠᠪᠤᠷ ᠤᠨ ᠬᠤᠲᠠ ᠶᠢᠨ ᠬᠠᠮᠢᠶᠠᠷᠤᠯᠲᠠ᠂ ᠬᠥᠬᠡᠬᠤᠲᠠ ᠶᠢᠨ ᠠᠯᠪᠠᠨ ᠵᠢᠷᠤᠮ ᠤᠨ ᠴᠠᠭᠳᠠᠭ᠎ᠠ ᠰᠢᠯᠭᠠᠯᠲᠠ ᠳᠤ ᠲᠤᠰᠠᠯᠠᠬᠤ ᠦᠢᠯᠡᠴᠢᠯᠡᠭᠡ ᠬᠠᠩᠭᠠᠵᠤ᠂ ᠰᠢᠯᠭᠠᠯᠲᠠ ᠶᠢᠨ ᠴᠡᠭ ᠤᠨ ᠪᠠᠭᠰᠢ᠂ ᠠᠷᠠᠳ ᠤᠨ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠳᠤ ᠬᠠᠮᠵᠢᠨ ᠲᠤᠬᠠᠢ ᠶᠢᠨ ᠲᠠᠯᠠᠪᠤᠷ ᠤᠨ ᠡᠮᠬᠢ ᠳᠢᠭᠯᠢᠮ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠨ᠎ᠠ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号