ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠰᠢᠭᠦᠨ ᠲᠠᠰᠤᠯᠤᠯᠲᠠ ᠶᠢᠨ ᠭᠦᠢᠴᠡᠳᠬᠡᠬᠦ ᠲᠤᠭ᠎ᠠ ᠪᠠᠷᠢᠮᠲᠠ ᠶᠢ ᠵᠥᠪᠳᠡᠯᠴᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/11
      ᠳᠡᠭᠡᠳᠦ ᠱᠠᠲᠤᠨ ᠤ ᠰᠢᠭᠦᠬᠦ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠶᠢᠨ ᠤᠳᠤᠷᠢᠳᠤᠮᠵᠢ ᠶᠢ ᠤᠯᠠᠮ ᠨᠢᠭᠡ ᠠᠯᠬᠤᠮ ᠴᠢᠩᠭᠠᠳᠬᠠᠨ᠂ ᠰᠢᠭᠦᠨ ᠲᠠᠰᠤᠯᠤᠯᠲᠠ ᠶᠢᠨ ᠭᠦᠢᠴᠡᠳᠬᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 6 ᠰᠠᠷ᠎ᠠ ᠶᠢᠨ 5 ᠤ ᠡᠳᠦᠷ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠰᠢᠭᠦᠨ ᠲᠠᠰᠤᠯᠤᠯᠲᠠ ᠶᠢᠨ ᠭᠦᠢᠴᠡᠳᠬᠡᠬᠦ ᠲᠤᠭ᠎ᠠ ᠪᠠᠷᠢᠮᠲᠠ ᠶᠢ ᠵᠥᠪᠳᠡᠯᠴᠡᠬᠦ ᠬᠤᠷᠠᠯ ᠬᠤᠷᠠᠯᠳᠤᠭᠤᠯᠪᠠ᠃ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠧᠦ ᠶᠠᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠪᠦᠬᠦ ᠰᠢᠭᠦᠬᠦ ᠲᠤᠰᠢᠶᠠᠯᠲᠠᠨ ᠬᠤᠷᠠᠯ ᠳᠤ ᠣᠷᠣᠯᠴᠠᠪᠠ᠃
     ᠬᠤᠷᠠᠯ ᠠᠴᠠ 2024 ᠣᠨ ᠤ 1︱5 ᠰᠠᠷ᠎ᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠭᠦᠢᠴᠡᠳᠬᠡᠬᠦ ᠲᠤᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠭᠦᠢᠴᠡᠳᠬᠡᠬᠦ ᠲᠤᠭ᠎ᠠ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯ ᠳᠤ ᠴᠢᠭᠯᠡᠭᠦᠯᠦᠨ ᠭᠦᠨᠵᠡᠭᠡᠢ ᠰᠤᠳᠤᠯᠤᠨ ᠶᠠᠷᠢᠯᠴᠠᠵᠤ᠂ ᠡᠯ᠎ᠡ ᠰᠠᠯᠠᠭ᠎ᠠ ᠮᠥᠴᠢᠷ ᠤᠨ ᠬᠢᠨ ᠪᠠᠷᠢᠮᠵᠢᠶ᠎ᠠ ᠲᠠᠢ ᠬᠠᠷᠭᠤᠭᠤᠯᠵᠤ᠂ ᠲᠦᠷᠭᠡᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠦᠨ᠂ ᠳᠠᠷᠠᠭᠠᠴᠢ ᠶᠢᠨ ᠱᠠᠲᠤᠨ ᠤ ᠴᠢᠷᠮᠠᠶᠢᠬᠤ ᠴᠢᠭᠯᠡᠯ ᠪᠣᠯᠣᠨ ᠭᠤᠣᠯᠳᠠᠯᠭ᠎ᠠ ᠲᠠᠢ ᠡᠭᠦᠷᠭᠡ ᠶᠢ ᠦᠨᠡᠨᠬᠦ ᠰᠠᠶᠢᠲᠤᠷ ᠲᠥᠯᠥᠪᠵᠢᠭᠦᠯᠵᠦ᠂ ᠰᠢᠭᠦᠨ ᠲᠠᠰᠤᠯᠤᠯᠲᠠ ᠶᠢᠨ ᠭᠦᠢᠴᠡᠳᠬᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ ᠴᠢᠬᠤᠯᠠᠴᠢᠯᠠᠭᠰᠠᠨ ᠨᠢ      ᠬᠠᠤᠯᠢ ᠴᠠᠭᠠᠵᠠ ᠶᠢᠨ ᠰᠢᠭᠦᠨ ᠲᠠᠰᠤᠯᠤᠯᠲᠠ ᠶᠢᠨ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠬᠤ ᠪᠠ ᠬᠡᠷᠡᠭᠯᠡᠬᠦ ᠪᠣᠯ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠮᠥᠨ᠂ ᠰᠢᠭᠦᠨ ᠲᠠᠰᠤᠯᠬᠤ ᠶᠠᠰᠤ ᠴᠢᠨᠠᠷ ᠤᠨ ᠬᠠᠮᠢᠶᠠᠷᠤᠯᠲᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮ ᠤᠨ ︽ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ︾ ᠪᠠ ︽ᠳᠣᠬᠢᠭᠤᠷ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠬᠤᠷᠢᠶᠠᠨ ᠤ ᠳᠡᠭᠡᠳᠦ ᠳᠣᠣᠷᠠᠳᠤ ᠱᠠᠲᠤᠨ ᠤ ᠬᠢᠨ ᠢ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠶᠢᠨ ᠵᠠᠳᠠᠯᠤᠯᠲᠠ ᠪᠠ ᠬᠡᠷᠡᠭᠯᠡᠯᠲᠡ ᠶᠢ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠵᠤ᠂ ᠬᠦᠴᠦᠯᠡᠨ ᠴᠢᠷᠮᠠᠶᠢᠬᠤ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ᠂ ᠯᠠᠪᠳᠠᠭᠤᠨ ᠪᠠᠲᠤᠲᠠᠢ ᠤᠷᠤᠭᠰᠢᠯᠠᠨ ᠳᠠᠪᠰᠢᠬᠤ ᠠᠵᠢᠯ ᠤᠨ ᠰᠤᠷᠲᠠᠯ ᠢᠶᠠᠷ ᠰᠢᠭᠦᠨ ᠲᠠᠰᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠤᠨ ᠱᠠᠭᠠᠷᠳᠠᠯᠭ᠎ᠠ      ᠨᠢᠭᠡ ᠳᠤ᠂ ᠬᠤᠷᠢᠶᠠᠨ ᠤ ᠳᠠᠷᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠰᠢᠭᠦᠬᠦ ᠬᠤᠷᠢᠶᠠᠨ ᠤ ᠳᠠᠷᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠬᠡᠷᠡᠭ ᠤᠨ ᠲᠠᠰᠤᠯᠤᠨ ᠲᠣᠭᠲᠠᠭᠠᠯᠲᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠬᠠᠷᠭᠤᠭᠤᠯᠤᠨ ᠦᠵᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠡᠯ᠎ᠡ ᠴᠤᠪᠤᠷᠠᠯ ᠤᠨ ᠭᠤᠭᠴᠤᠭ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠢᠭᠦᠨ ᠲᠠᠰᠤᠯᠬᠤ ᠬᠤᠭᠤᠴᠠᠭ᠎ᠠ ᠪᠠ ᠬᠡᠷᠡᠭ ᠢ ᠳᠠᠭᠤᠰᠬᠠᠬᠤ ᠬᠠᠮᠢᠶᠠᠷᠤᠯᠲᠠ ᠶᠢ ᠴᠢᠩᠳᠠᠯᠠᠵᠤ᠂ ᠬᠡᠷᠡᠭ ᠢ ᠰᠢᠢᠳᠪᠦᠷᠢᠯᠡᠬᠦ ᠶᠠᠪᠤᠴᠠ ᠶᠢᠨ ᠲᠥᠪ ᠭᠤᠤᠯᠴᠢ ᠴᠢᠨᠠᠷ ᠪᠠ ᠵᠢᠷᠤᠮᠵᠢᠯ ᠤᠨ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃      ᠬᠤᠶᠠᠷ ᠲᠤ᠂ ᠴᠠᠭ ᠢ ᠲᠣᠭᠲᠠᠭᠠᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠭᠦᠨ ᠲᠠᠰᠤᠯᠬᠤ ᠬᠢᠵᠠᠭᠠᠷᠯᠠᠬᠤ ᠬᠠᠮᠢᠶᠠᠷᠤᠯᠲᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠰᠢᠭᠦᠨ ᠲᠠᠰᠤᠯᠬᠤ ᠬᠤᠭᠤᠴᠠᠭᠠᠨ ᠳᠤ ᠬᠡᠷᠡᠭ ᠢ ᠳᠠᠭᠤᠰᠬᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠪᠡ᠃ ᠴᠤᠪᠤᠷᠠᠯ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠳᠡᠭᠡᠭᠰᠢ ᠵᠠᠭᠠᠯᠳᠤᠬᠤ ᠶᠢ ᠰᠢᠯᠵᠢᠭᠦᠯᠦᠨ ᠬᠦᠷᠭᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠬᠡᠷᠡᠭ ᠢ ᠰᠢᠯᠵᠢᠭᠦᠯᠦᠨ ᠬᠦᠷᠭᠡᠬᠦ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠶᠠᠷᠰᠢᠭ ᠲᠦᠪᠡᠭᠲᠡᠢ ᠪᠠ ᠲᠥᠬᠦᠮ ᠵᠦᠢᠯᠡᠰ ᠢ ᠰᠠᠯᠭᠠᠬᠤ᠂ ᠬᠦᠨᠳᠦ ᠪᠠ ᠬᠦᠨᠳᠦ ᠬᠥᠩᠭᠡᠨ ᠢ ᠰᠠᠯᠭᠠᠬᠤ᠂ ᠲᠦᠷᠭᠡᠨ ᠤᠳᠠᠭᠠᠨ ᠵᠠᠮ ᠰᠠᠯᠭᠠᠬᠤ ᠶᠢ ᠪᠡᠶᠡᠯᠡᠭᠦᠯᠵᠦ᠂ ᠬᠡᠷᠡᠭ ᠢ ᠰᠢᠭᠦᠬᠦ ᠴᠠᠭ ᠢ ᠪᠥᠬᠦ ᠲᠠᠯ᠎ᠠ ᠪᠠᠷ ᠪᠠᠭᠠᠰᠬᠠᠪᠠ᠃      ᠭᠤᠷᠪᠠ ᠳᠤ᠂ ᠰᠢᠭᠦᠬᠦ ᠬᠤᠷᠢᠶ᠎ᠠ ᠠᠴᠠ ᠭᠠᠷᠴᠤ ᠦᠷ᠎ᠡ ᠪᠦᠲᠦᠮᠵᠢ ᠶᠢ ᠦᠵᠡᠪᠡ᠃ ᠶᠡᠭᠡ ᠲᠠᠯ᠎ᠠ ᠳᠤ ᠦᠢᠯᠡᠴᠢᠯᠡᠵᠦ ᠴᠢᠨᠠᠷᠵᠢᠯ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠴᠢᠳᠠᠮᠵᠢᠲᠤ ᠬᠠᠤᠯᠢ ᠴᠠᠭᠠᠵᠠ ᠶᠢ ᠭᠦᠨᠵᠡᠭᠡᠶᠢᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠶᠡᠭᠡ ᠲᠠᠯ᠎ᠠ ᠶᠢᠨ ᠲᠥᠯᠥᠭᠡ ᠬᠠᠤᠯᠢ ᠪᠠᠷᠢᠬᠤ ᠶᠢ ᠪᠣᠳᠠᠲᠠᠶᠢᠵᠢᠭᠤᠯᠵᠤ᠂ ᠠᠷᠠᠳ ᠲᠦᠮᠡᠨ ᠳᠤ ᠨᠠᠷᠢᠯᠢᠭ ᠦᠢᠯᠡᠴᠢᠯᠡᠵᠦ᠂ ︽ᠤᠯᠤᠰ ᠲᠥᠷᠥ ᠶᠢᠨ ᠲᠠᠯ᠎ᠠ ᠠᠴᠠ ᠦᠵᠡᠬᠦ᠂ ᠬᠠᠤᠯᠢᠵᠢᠯ ᠤᠨ ᠲᠠᠯ᠎ᠠ ᠠᠴᠠ ᠭᠦᠢᠴᠡᠳᠬᠡᠬᠦ︾ ᠶᠢ ᠰᠢᠭᠦᠬᠦ ᠬᠤᠷᠢᠶᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ᠂ ᠡᠯ᠎ᠡ ᠭᠤᠭᠴᠤᠭ᠎ᠠ ᠳᠤ ᠦᠨᠡᠨ ᠬᠦ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠪᠥᠭᠡᠳ ᠪᠦᠲᠦᠮᠵᠢᠲᠡᠢ ᠬᠠᠮᠠᠭᠠᠯᠠᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号