ᠬᠤᠲᠣᠩ ᠠᠷᠠᠳ ᠶᠢᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠨᠠᠷᠢᠯᠢᠭ ᠣᠨᠣᠪᠴᠢᠲᠠᠢ ᠡᠷᠡᠭᠦᠯᠵᠢᠯ  ᠤᠨ ᠲᠤᠰᠠᠯᠠᠬᠤ ᠪᠠᠭᠠᠵᠢ ᠬᠡᠷᠡᠭᠰᠡᠯ ᠲᠠᠷᠬᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/6/11
      ᠬᠤᠲᠣᠩ ᠠᠷᠠᠳ ᠶᠢᠨ ᠲᠣᠭᠤᠷᠢᠭ ᠤᠨ ᠵᠡᠮᠳᠡᠭᠴᠦᠳ ᠤᠨ ᠨᠠᠷᠢᠯᠢᠭ ᠣᠨᠣᠪᠴᠢᠲᠠᠢ ᠡᠷᠡᠭᠦᠯᠵᠢᠭᠦᠯᠬᠦ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠠᠳᠠᠭᠰᠢ ᠭᠠᠷᠬᠤ ᠪᠠ ᠠᠮᠢᠳᠤᠷᠠᠬᠤ ᠳᠤ ᠳᠥᠭᠦᠮ ᠦᠭᠡᠢ ᠪᠠᠶᠢᠳᠠᠯ ᠢ ᠰᠠᠶᠢᠵᠢᠷᠠᠭᠤᠯᠬᠤ ᠶᠢᠨ ᠲᠤᠰᠠᠳᠠ᠂ ᠣᠶᠢᠷ᠎ᠠ ᠶᠢᠨ ᠡᠳᠦᠷ᠂ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠬᠡᠷᠡᠭᠴᠡᠭᠡ ᠪᠦᠬᠦᠢ ᠵᠡᠮᠳᠡᠭᠴᠦᠳ ᠲᠤ ᠲᠤᠰᠠᠯᠠᠬᠤ ᠪᠠᠭᠠᠵᠢ ᠬᠡᠷᠡᠭᠰᠡᠯ ᠢ ᠦᠨ᠎ᠡ ᠲᠥᠯᠥᠪᠦᠷᠢ ᠦᠭᠡᠢ ᠪᠠᠷ ᠲᠣᠬᠢᠷᠠᠭᠤᠯᠤᠨ ᠥᠭᠴᠦ᠂ ᠬᠠᠷᠢᠶᠠᠲᠤ ᠣᠷᠣᠨ ᠤ ᠵᠡᠮᠳᠡᠭᠴᠦᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ ᠥᠭᠪᠡ᠃
   ᠲᠣᠰ ᠤᠳᠠᠭ᠎ᠠ ᠲᠤᠰᠠᠯᠠᠬᠤ ᠪᠠᠭᠠᠵᠢ ᠬᠡᠷᠡᠭᠰᠡᠯ ᠢ ᠨᠡᠶᠢᠲᠡ 99 ᠬᠤᠪᠢ ᠲᠠᠷᠬᠠᠭᠠᠵᠤ᠂ ᠬᠦᠷᠳᠦᠲᠦ ᠰᠠᠨᠳᠠᠯᠢ᠂ ᠰᠤᠭᠤᠨ ᠲᠠᠶᠠᠭ᠂ ᠨᠠᠰᠤᠨ ᠳᠤ ᠭᠦᠷᠦᠭᠰᠡᠳ ᠤᠨ ᠲᠤᠰᠠᠯᠠᠬᠤ ᠪᠠᠭᠠᠵᠢ᠂ ᠰᠠᠭᠤᠬᠤ ᠰᠠᠨᠳᠠᠯᠢ᠂ ᠪᠡᠶ᠎ᠡ ᠤᠬᠢᠶᠠᠬᠤ ᠰᠠᠨᠳᠠᠯᠢ᠂ ᠰᠣᠬᠤᠷ ᠪᠢᠴᠢᠭ ᠤᠨ ᠴᠠᠬᠢᠯᠭᠠᠨ ᠲᠣᠭᠤᠭ᠎ᠠ ᠵᠡᠷᠭᠡ ᠶᠢ ᠪᠠᠭᠲᠠᠭᠠᠵᠤ᠂ ᠵᠡᠮᠳᠡᠭᠴᠦᠳ ᠤᠨ ᠠᠮᠢᠳᠤᠷᠠᠯ ᠳᠤ ᠲᠥᠬᠦᠮ ᠦᠵᠡᠭᠦᠯᠵᠦ᠂ ᠣᠯᠠᠨ ᠤ ᠳᠡᠭᠡᠳᠦ ᠬᠡᠮᠵᠢᠶᠡᠨ ᠤ ᠦᠨᠡᠯᠡᠯᠲᠡ ᠶᠢ ᠣᠯᠣᠭᠰᠠᠨ ᠪᠠᠶᠢᠨ᠎ᠠ᠃ ᠲᠠᠷᠬᠠᠭᠠᠬᠤ ᠶᠠᠪᠤᠴᠠ ᠳᠤ᠂ ᠠᠵᠢᠯᠲᠠᠳ ᠵᠡᠮᠳᠡᠭᠴᠦᠳ ᠪᠣᠯᠣᠨ ᠭᠡᠷ ᠪᠦᠯᠢ ᠶᠢᠨ ᠬᠢᠨ ᠳᠤ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠲᠣᠳᠣᠷᠬᠠᠶᠢᠯᠠᠯᠲᠠ ᠶᠢᠨ ᠪᠢᠴᠢᠭ ᠢ ᠨᠠᠷᠢᠨ ᠲᠠᠶᠢᠯᠪᠤᠷᠢᠯᠠᠵᠤ᠂ ᠬᠡᠷᠡᠭᠯᠡᠬᠦ ᠠᠷᠭ᠎ᠠ ᠪᠣᠯᠣᠨ ᠠᠩᠬᠠᠷᠬᠤ ᠵᠦᠢᠯᠡᠰ ᠢ ᠬᠦᠯᠢᠴᠡᠩᠭᠦᠢ ᠪᠠᠷ ᠮᠡᠳᠡᠭᠳᠡᠵᠦ᠂ ᠲᠡᠳᠡᠨ ᠤ ᠪᠣᠯᠪᠠᠰᠤᠷᠠᠯ ᠢᠶᠠᠨ ᠴᠢᠩᠭᠠᠳᠬᠠᠬᠤ ᠶᠢ ᠵᠣᠷᠢᠭᠵᠢᠭᠤᠯᠵᠤ᠂ ᠢᠳᠡᠪᠬᠢᠲᠡᠢ ᠪᠠᠷ ᠭᠡᠷ ᠠᠴᠠ ᠪᠠᠨ ᠭᠠᠷᠴᠤ᠂ ᠨᠡᠶᠢᠭᠡᠮ ᠳᠤ ᠨᠡᠩ ᠰᠠᠶᠢᠲᠤᠷ ᠠᠭᠤᠰᠤᠯᠴᠠᠬᠤ ᠶᠢ ᠵᠣᠷᠢᠭᠵᠢᠭᠤᠯᠪᠠ᠃
     ᠲᠣᠰ ᠤᠳᠠᠭᠠᠨ ᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ᠡᠷᠲᠡ ᠠᠴᠠ ᠠᠷᠭ᠎ᠠ ᠰᠦᠪᠡᠭᠴᠢᠯᠡᠵᠦ᠂ ᠡᠷᠲᠡ ᠠᠴᠠ ᠬᠤᠳᠠᠯᠳᠤᠨ ᠠᠪᠴᠤ᠂ ᠡᠷᠲᠡ ᠠᠴᠠ ᠲᠠᠷᠬᠠᠭᠠᠵᠤ᠂ 2024 ᠣᠨ ᠳᠤ ᠨᠠᠷᠢᠯᠢᠭ ᠣᠨᠣᠴᠠᠲᠠᠢ ᠪᠠᠷ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠲᠠᠷᠬᠠᠭᠠᠬᠤ ᠠᠵᠢᠯ ᠢ ᠤᠷᠢᠳᠴᠢᠯᠠᠨ ᠪᠡᠶᠡᠯᠡᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠲᠤ ᠲᠤᠰᠠᠯᠠᠬᠤ ᠪᠠᠭᠠᠵᠢ ᠬᠡᠷᠡᠭᠰᠡᠯ ᠢ ᠰᠢᠢᠳᠪᠦᠷᠢᠯᠡᠨ ᠥᠭᠴᠦ᠂ ᠲᠡᠳᠡᠨ ᠤ ᠨᠢᠭᠡᠳᠦᠯᠲᠡᠢ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠦᠷᠭᠦᠯᠵᠢᠯᠡᠨ ᠵᠢᠷᠤᠮᠵᠢᠭᠰᠠᠨ᠂ ᠤᠨᠢᠨ ᠳᠡᠭᠡᠷ᠎ᠡ ᠨᠢ ᠪᠠᠶᠢᠬᠤ ᠱᠠᠭᠠᠷᠳᠠᠯᠭ᠎ᠠ ᠪᠠᠷ ᠵᠡᠮᠳᠡᠭᠴᠦᠳ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠵᠤ᠂ ᠵᠡᠮᠳᠡᠭᠴᠦᠳ ᠲᠤ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠪᠣᠯᠣᠨ᠎ᠠ᠃ ︵ᠴᠢᠮᠡᠭᠡᠯᠡᠭᠴᠢ᠄ ᠵᠠᠩ ᠵᠢᠩ︶      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号