| | | | | ︽ᠬᠤᠪᠢ ᠨᠡᠮᠡᠷᠢ ᠦᠵᠡᠭᠦᠯᠬᠦ᠂ ᠡᠶ᠎ᠡ ᠨᠠᠶᠢᠷᠰᠠᠭ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ︾ | ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠥᠷᠭᠡᠨ ᠣᠯᠠᠨ | ᠰᠢᠯᠭᠠᠭᠤᠯᠤᠭᠴᠢ ᠪᠣᠯᠣᠨ ᠭᠡᠷ ᠤᠨ ᠠᠬᠠᠮᠠᠳ ᠲᠤ ᠪᠣᠯᠪᠠᠰᠤᠨ ᠡᠶ᠎ᠡ ᠵᠣᠬᠢᠴᠠᠯ ᠲᠠᠢ ᠲᠠᠭᠠᠯᠠᠮᠵᠢᠲᠠᠢ ᠤᠯᠤᠰ ᠤᠨ | ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 7 ᠤ ᠡᠳᠦᠷ᠂ ᠬᠤᠲᠣᠩ | ᠠᠷᠠᠳ ᠤᠨ ᠲᠣᠭᠤᠷᠢᠭ ᠤᠨ ᠡᠪᠯᠡᠯ ᠤᠨ ᠬᠤᠷᠢᠶ᠎ᠠ ︽ᠤᠯᠤᠰ ᠤᠨ ᠰᠢᠯᠭᠠᠯᠲᠠ ᠳᠤ ᠬᠦᠴᠦᠨ ᠨᠡᠮᠡᠷᠢᠯᠡᠵᠦ ᠬᠠᠶᠢᠷ᠎ᠠ | ᠬᠠᠯᠠᠮᠵᠢ ᠶᠢᠨ ᠠᠶᠠᠯᠠᠯ ᠬᠠᠮᠠᠭᠠᠯᠠᠶ᠎ᠠ︾ - 2024 ᠣᠨ ᠳᠤ ᠬᠤᠲᠣᠩ ᠠᠷᠠᠳ ᠤᠨ ᠲᠣᠭᠤᠷᠢᠭ ᠤᠨ ᠬᠢᠨ | ᠤᠯᠤᠰ ᠤᠨ ᠰᠢᠯᠭᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠳᠤ ᠬᠦᠴᠦᠨ ᠨᠡᠮᠡᠷᠢᠯᠡᠪᠡ᠃ | | | | | | | | | | | | | | | ᠠᠵᠢᠯᠯᠠᠭ᠎ᠠ ᠶᠢᠨ ᠬᠤᠭᠤᠴᠠᠭᠠᠨ ᠳᠤ᠂ ᠬᠤᠲᠣᠩ ᠠᠷᠠᠳ ᠤᠨ ᠲᠣᠭᠤᠷᠢᠭ ᠤᠨ ᠡᠪᠯᠡᠯ ᠤᠨ ᠬᠤᠷᠢᠶ᠎ᠠ ᠰᠠᠶᠢᠨ | ᠳᠤᠷ᠎ᠠ ᠶᠢᠨ ᠵᠠᠯᠠᠭᠤ ᠦᠢᠯᠡᠴᠢᠯᠡᠭᠴᠢᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠰᠢᠯᠭᠠᠯᠲᠠ ᠶᠢᠨ ᠴᠡᠭ ᠤᠨ | ᠣᠶᠢᠷ᠎ᠠ ᠬᠠᠪᠢ ᠳᠤ ᠲᠦᠷ ᠴᠠᠭ ᠠᠮᠠᠷᠠᠬᠤ ᠲᠠᠯᠠᠪᠤᠷ ᠪᠠᠶᠢᠭᠤᠯᠵᠤ᠂ ᠥᠷᠭᠡᠨ ᠣᠯᠠᠨ ᠰᠢᠯᠭᠠᠭᠤᠯᠤᠭᠴᠢ ᠶᠢᠨ ᠭᠡᠷ ᠤᠨ | ᠠᠬᠠᠮᠠᠳ ᠲᠤ ᠠᠮᠠᠷᠠᠬᠤ ᠲᠠᠯᠠᠪᠤᠷ ᠬᠠᠩᠭᠠᠭᠰᠠᠨ ᠪᠥᠭᠡᠳ ᠪᠠᠰᠠ ᠤᠰᠤ᠂ 2B ᠬᠠᠷᠠᠨᠳᠠ᠂ ᠪᠠᠯᠠᠯᠤᠭᠤᠷ᠂ ᠬᠠᠷ᠎ᠠ | ᠥᠩᠭᠡ ᠲᠠᠢ ᠰᠠᠭᠠᠷᠮᠠᠭ ᠪᠡᠭᠡᠲᠦ ᠪᠢᠷ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠪᠡᠯᠡᠳᠬᠡᠵᠦ᠂ | ᠰᠢᠯᠭᠠᠭᠤᠯᠤᠭᠴᠢ ᠵᠢᠴᠢ ᠭᠡᠷ ᠤᠨ ᠠᠬᠠᠮᠠᠳ ᠬᠡᠪ ᠤᠨ ᠪᠤᠰᠤ ᠬᠡᠷᠡᠭᠴᠡᠭᠡ ᠳᠤ ᠪᠡᠯᠡᠳᠬᠡᠪᠡ᠃ | | | | | ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠡᠪᠯᠡᠯ ᠤᠨ ᠬᠤᠷᠢᠶ᠎ᠠ ᠦᠷᠭᠦᠯᠵᠢᠯᠡᠨ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠰᠠᠶᠢᠨ ᠳᠤᠷ᠎ᠠ ᠶᠢᠨ | ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠢᠳᠡᠪᠬᠢ ᠬᠦᠴᠦᠨ ᠢ ᠬᠥᠭᠵᠢᠭᠡᠵᠦ᠂ ᠪᠣᠳᠠᠲᠤ | ᠠᠵᠢᠯᠯᠠᠭ᠎ᠠ ᠪᠠᠷ ᠢᠶᠠᠨ ᠪᠣᠯᠪᠠᠰᠤᠨ ᠢ ᠰᠠᠴᠤᠵᠤ᠂ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠤᠲᠣᠩ ᠠᠷᠠᠳ ᠤᠨ | ᠲᠣᠭᠤᠷᠢᠭ ᠤᠨ ᠰᠠᠶᠢᠨ ᠳᠤᠷ᠎ᠠ ᠶᠢᠨ ᠵᠠᠯᠠᠭᠤ ᠦᠢᠯᠡᠴᠢᠯᠡᠭᠴᠢ ᠶᠢᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ | ᠪᠠᠶᠢᠳᠠᠯ ᠢ ᠭᠦᠢᠴᠡᠳ ᠢᠯᠡᠷᠡᠭᠦᠯᠵᠦ᠂ ᠬᠠᠶᠢᠷ᠎ᠠ ᠬᠠᠯᠠᠮᠵᠢ ᠪᠠᠷ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ | ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠬᠦ ᠪᠣᠯᠣᠨ᠎ᠠ᠃ | | | | ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | | |