ᠤᠯᠤᠰ ᠤᠨ ᠰᠢᠯᠭᠠᠯᠲᠠ ᠶᠢᠨ ᠲᠦᠷᠦᠭᠦᠦ ᠡᠳᠦᠷ ᠬᠤᠲᠣᠩ ᠠᠷᠠᠳ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠬᠦᠴᠦᠨ ᠢᠶᠠᠷ ᠢᠶᠠᠨ ︽ᠬᠠᠮᠠᠭᠠᠯᠠᠨ᠎ᠠ︾︕
ᠨᠡᠶᠢᠲᠡᠯᠡᠭᠰᠡᠨ ᠴᠠᠭ᠄
2024/6/11
     2024 ᠣᠨ ᠤ ᠪᠥᠬᠦ ᠤᠯᠤᠰ ᠤᠨ ᠰᠢᠯᠭᠠᠯᠲᠠ ᠵᠢᠩᠬᠢᠨᠢ ᠪᠠᠷ ᠡᠬᠢᠯᠡᠪᠡ      ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ      ᠬᠤᠲᠣᠩ ᠠᠷᠠᠳ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠥᠷᠭᠡᠨ ᠣᠯᠠᠨ ᠰᠢᠯᠭᠠᠭᠰᠠᠳ ᠲᠠᠢ ᠬᠠᠮᠲᠤ ᠪᠠᠷ ︽ᠰᠢᠯᠭᠠᠯᠲᠠ ᠳᠤ ᠪᠡᠯᠡᠳᠬᠡᠬᠦ︾᠂ ᠮᠥᠷᠥ ᠵᠡᠷᠭᠡᠴᠡᠨ ︽ᠣᠷᠣᠯᠴᠠᠪᠠ︾      ︽ᠰᠢᠯᠭᠠᠯᠲᠠ ᠳᠤ ᠪᠡᠯᠡᠳᠬᠡᠬᠦ︾ ᠬᠠᠭᠤᠳᠠᠰᠤ      2024 ᠣᠨ ᠤ ᠤᠯᠤᠰ ᠤᠨ ᠰᠢᠯᠭᠠᠯᠲᠠ ᠶᠢᠨ ᠠᠮᠤᠷ ᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂      ᠬᠤᠲᠣᠩ ᠠᠷᠠᠳ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ      ᠬᠠᠷᠢᠶᠠᠲᠤ ᠣᠷᠣᠨ ᠤ 6 ᠰᠢᠯᠭᠠᠯᠲᠠ ᠶᠢᠨ ᠴᠡᠭ ᠤᠨ ᠦᠢᠯᠡᠴᠢᠯᠡᠭᠡᠨ ᠤ ᠥᠷᠲᠡᠭᠡ ᠳᠤ      ︽ᠪᠡᠶ᠎ᠡ ᠶᠢᠨ ᠦᠨᠡᠮᠯᠡᠯ ᠭᠦᠢᠴᠡᠳᠬᠡᠬᠦ ᠰᠠᠭᠠᠳ ᠦᠭᠡᠢ ᠨᠡᠪᠲᠡᠷᠡᠬᠦ ᠵᠠᠮ︾ ᠢ ᠪᠠᠶᠢᠭᠤᠯᠪᠠ᠃      ᠰᠢᠯᠭᠠᠭᠤᠯᠤᠭᠰᠠᠳ ᠲᠤ ᠪᠠᠴᠢᠮ ᠪᠠᠶᠢᠳᠠᠯ ᠢ ᠠᠷᠭᠠᠴᠠᠬᠤ᠂ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠬᠠᠩᠭᠠᠪᠠ      ᠲᠤᠬᠠᠢ ᠶᠢᠨ ᠲᠠᠯᠠᠪᠠᠢ ᠳᠤ ︽ᠲᠦᠷ ᠴᠠᠭ ᠤᠨ ᠪᠡᠶ᠎ᠡ ᠶᠢᠨ ᠦᠨᠡᠮᠯᠡᠯ︾ ᠢ ᠳᠠᠷᠤᠮᠠᠯᠯᠠᠬᠤ ᠬᠠᠩᠭᠠᠬᠤ      ᠰᠢᠯᠭᠠᠭᠤᠯᠤᠭᠰᠠᠳ ᠤᠨ ᠯᠠᠪᠳᠠᠭᠤᠨ ᠤᠷᠤᠭᠰᠢᠲᠠᠢ ᠪᠠᠷ ᠰᠢᠯᠭᠠᠯᠲᠠ ᠳᠤ ᠣᠷᠣᠯᠴᠠᠬᠤ ᠶᠢ ᠪᠠᠲᠤᠯᠠᠨ᠎ᠠ
     ᠲᠤᠬᠠᠢ ᠶᠢᠨ ᠭᠠᠵᠠᠷ ᠤᠨ ᠭᠡᠷ ᠤᠨ ᠠᠬᠠᠮᠠᠳ ᠲᠤ ᠡᠷᠦᠬᠡ ᠠᠮᠠ ᠶᠢᠨ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠪᠠ      ᠰᠢᠯᠭᠠᠭᠤᠯᠤᠭᠴᠢ ᠵᠢᠴᠢ ᠭᠡᠷ ᠤᠨ ᠠᠬᠠᠮᠠᠳ ᠲᠤ ᠴᠢᠷᠮᠠᠶᠢᠨ ᠦᠢᠯᠡᠴᠢᠯᠡᠭᠦᠯᠦᠨ᠎ᠡ      ᠪᠥᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ      2024 ᠣᠨ ᠤ ︽ᠠᠮᠤᠷ ᠲᠦᠪᠰᠢᠨ ᠢᠶᠠᠷ ᠤᠯᠤᠰ ᠤᠨ ᠰᠢᠯᠭᠠᠯᠲᠠ ᠰᠢᠯᠭᠠᠬᠤ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ
     ᠠᠷᠠᠳ ᠤᠨ ᠴᠠᠭᠳᠠᠭ᠎ᠠ ᠤᠷᠢᠳᠴᠢᠯᠠᠨ ᠡᠯ᠎ᠡ ᠰᠢᠯᠭᠠᠯᠲᠠ ᠶᠢᠨ ᠴᠡᠭ ᠲᠤ ᠢᠷᠠᠵᠤ      ᠠᠮᠤᠷ ᠲᠦᠪᠰᠢᠨ ᠤ ᠪᠠᠶᠢᠴᠠᠭᠠᠯᠲᠠ ᠬᠢᠬᠦ      ᠡᠷᠭᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠬᠦ      ᠤᠯᠤᠰ ᠤᠨ ᠰᠢᠯᠭᠠᠯᠲᠠ ᠶᠢᠨ ᠡᠮᠬᠢ ᠵᠢᠷᠤᠮ ᠲᠠᠢ ᠶᠠᠪᠤᠭᠳᠠᠬᠤ ᠳᠤ ᠪᠠᠲᠤᠯᠠᠭ᠎ᠠ ᠬᠠᠩᠭᠠᠬᠤ      ᠮᠥᠷᠥ ᠵᠡᠷᠭᠡᠴᠡᠨ ᠣᠷᠣᠯᠴᠠᠵᠤ      ᠰᠢᠯᠭᠠᠯᠲᠠ ᠶᠢᠨ ᠲᠠᠯᠠᠪᠠᠢ ᠳᠤ      ᠰᠢᠯᠭᠠᠭᠤᠯᠤᠭᠴᠢᠳ ᠪᠢᠷ ᠠᠳᠬᠤᠨ      ᠵᠠᠯᠠᠭᠤ ᠨᠠᠰᠤᠨ ᠤ ᠤᠷᠤᠯᠳᠤᠭᠠᠨ ᠤ ᠵᠠᠮ ᠳᠡᠭᠡᠷ᠎ᠡ ᠬᠦᠴᠦᠯᠡᠨ ᠭᠦᠶᠦᠳᠡᠯ
     ᠰᠢᠯᠭᠠᠯᠲᠠ ᠶᠢᠨ ᠲᠠᠯᠠᠪᠠᠢ ᠶᠢᠨ ᠭᠠᠳᠠᠨ᠎ᠠ      ᠠᠷᠠᠳ ᠤᠨ ᠴᠠᠭᠳᠠᠭ᠎ᠠ ᠨᠠᠷ ᠴᠠᠭ ᠢᠮᠠᠭᠲᠠ ᠪᠠᠷ᠎ᠠ ᠪᠣᠯᠵᠤ᠂ ᠪᠦᠬᠦ ᠬᠦᠴᠦᠨ ᠢᠶᠠᠷ ᠢᠶᠠᠨ ᠪᠠᠲᠤᠯᠠᠪᠠ      ᠬᠦᠰᠡᠯ ᠵᠡᠭᠦᠳᠦ ᠪᠠᠨ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ ᠠᠶᠠᠯᠠᠯ ᠡᠬᠢᠯᠡᠪᠡ
     ︽ᠰᠢᠯᠭᠠᠯᠲᠠ ᠳᠤ ᠲᠤᠰᠠᠯᠠᠬᠤ︾      ᠰᠢᠯᠭᠠᠭᠤᠯᠤᠭᠴᠢ ᠶᠠᠮᠠᠷ ᠬᠦᠴᠢᠷᠳᠡᠯ ᠲᠤᠯᠭᠠᠷᠠᠭᠰᠠᠨ ᠴᠤ      ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠶᠡᠷᠦᠩᠬᠡᠢ ᠡᠪᠯᠡᠯ      ᠬᠠᠮᠤᠭ ᠤᠨ ᠲᠦᠷᠦᠭᠦᠨ ᠳᠤ ᠲᠤᠰᠠᠯᠠᠯᠴᠠᠬᠤ      ᠰᠢᠯᠭᠠᠭᠤᠯᠤᠭᠰᠠᠳ ᠲᠤ ᠳᠣᠲᠣᠨᠣ ᠦᠢᠯᠡᠴᠢᠯᠡᠭᠡ ᠬᠠᠩᠭᠠᠨ᠎ᠠ
     ᠵᠠᠯᠠᠭᠤ ᠨᠠᠰᠤᠨ ᠤ ᠤᠷᠤᠯᠳᠤᠭᠠᠨ ᠤ ᠵᠠᠮ ᠳᠠᠭᠠᠨ ᠬᠦᠴᠦᠯᠡᠨ ᠭᠦᠶᠦᠴᠢᠬᠡᠪᠡᠯ      ᠬᠦᠰᠡᠯ ᠵᠡᠭᠦᠳᠦ ᠶᠢ ᠨᠢ ᠬᠥᠭᠡᠭᠡᠴᠡᠯᠳᠦᠬᠦ ᠵᠠᠮ ᠳᠡᠭᠡᠷ᠎ᠡ ᠴᠢᠨᠢ ᠠᠷᠠᠳ ᠤᠨ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠨᠠᠷ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ      ᠲᠤᠩ ᠣᠯᠠᠨ ᠰᠤᠷᠤᠭᠴᠢ ᠪᠦᠷ ᠠᠯᠲᠠᠨ ᠰᠠᠮᠪᠠᠷ᠎ᠠ ᠳᠤ ᠨᠡᠷ᠎ᠡ ᠭᠠᠷᠬᠤ ᠶᠢ ᠢᠷᠦᠭᠡᠶ᠎ᠡ︕      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号