ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/3
      ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠃ 5 ᠰᠠᠷ᠎ᠠ ᠶᠢᠨ 30 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯᠴᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠤᠬᠠᠭᠤᠯᠭ᠎ᠠ ᠨᠢ ᠭᠤᠣᠯᠳᠠᠭᠤ ᠰᠠᠭᠤᠭᠠᠯᠢ ᠠᠷᠠᠳ ᠣᠯᠠᠨ ᠤ ᠠᠩᠬᠠᠷᠴᠤ ᠪᠠᠶᠢᠭ᠎ᠠ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠠᠯᠳᠠᠯᠲᠠ ᠶᠢᠨ ᠳᠠᠩᠰᠠᠯᠠᠯᠲᠠ ᠵᠡᠷᠭᠡ ᠠᠵᠢᠯ ᠣᠯᠵᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠵᠡᠷᠭᠡ ᠶᠢᠨ ᠲᠣᠭᠤᠷᠢᠨ ᠳᠤ ᠶᠠᠪᠤᠭᠳᠠᠪᠠ᠃ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠰᠡᠵᠢᠭ ᠢ ᠲᠠᠶᠢᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠬᠦᠮ ᠣᠶᠢᠯᠠᠭᠠᠮᠵᠢᠲᠠᠢ ᠦᠭᠡ ᠬᠡᠯᠡ ᠪᠠ ᠪᠣᠳᠠᠲᠤ ᠵᠢᠱᠢᠶ᠎ᠡ ᠶᠢ ᠬᠡᠷᠡᠭᠯᠡᠵᠦ᠂ ᠥᠷᠭᠡᠨ ᠣᠯᠠᠨ ᠲᠦᠮᠡᠨ ᠳᠤ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠭᠦᠨᠵᠡᠭᠡᠢ ᠣᠶᠢᠯᠠᠭᠠᠯᠲᠠ ᠲᠠᠢ ᠪᠣᠯᠭᠠᠪᠠ᠃      ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠳᠡᠪᠲᠡᠷ ᠢ ᠨᠡᠶᠢᠲᠡ 200 ᠭᠠᠷᠤᠢ ᠬᠤᠪᠢ ᠲᠠᠷᠬᠠᠭᠠᠵᠤ᠂ 100 ᠭᠠᠷᠤᠢ ᠬᠥᠮᠥᠨ ᠤ ᠯᠠᠪᠯᠠᠭ᠎ᠠ ᠶᠢ ᠭᠥᠯᠢᠶᠡᠨ ᠠᠪᠤᠪᠠ᠃ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠣᠶᠢᠯᠠᠭᠠᠵᠤ ᠮᠡᠳᠡᠬᠦ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠭᠰᠡᠨ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠠᠵᠢᠯ ᠣᠯᠭᠤᠯᠲᠠ ᠶᠢᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠴᠡᠴᠡᠭᠯᠡᠨ ᠵᠢᠮᠢᠰᠯᠡᠬᠦ ᠶᠢ ᠦᠨᠡᠨ ᠬᠦ ᠪᠠᠲᠤᠯᠠᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号