ᠬᠤᠲᠣᠩ ᠠᠷᠠᠳ ᠶᠢᠨ ᠲᠣᠭᠤᠷᠢᠭ ᠤᠨ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠵᠡᠮᠳᠡᠭᠴᠦᠳ ᠤᠨ ᠬᠤᠯᠪᠣᠭ᠎ᠠ ︽ᠬᠠᠶᠢᠷ᠎ᠠ ᠬᠠᠯᠠᠮᠵᠢ ᠪᠠᠨ ᠳᠠᠮᠵᠢᠭᠤᠯᠵᠤ᠂ ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ︾ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/3
      ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 30 ᠤ ᠡᠳᠦᠷ ᠤᠨ ᠦᠳᠡ ᠶᠢᠨ ᠬᠤᠶᠢᠨ᠎ᠠ᠂ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠵᠡᠮᠳᠡᠭᠴᠦᠳ ᠤᠨ ᠬᠤᠯᠪᠣᠭᠠᠨ ᠤ ᠲᠡᠷᠢᠭᠦᠯᠡᠭᠴᠢ ᠡᠯ᠎ᠡ ᠨᠡᠶᠢᠭᠡᠮ ᠲᠣᠭᠤᠷᠢᠭ ᠤᠨ ᠵᠡᠮᠳᠡᠭᠴᠦᠳ  ᠤᠨ ᠲᠤᠰᠬᠠᠢ ᠲᠤᠰᠢᠶᠠᠯᠲᠤ ᠭᠡᠰᠢᠭᠦᠨ ᠢ ᠳᠠᠭᠠᠭᠤᠯᠤᠨ᠂ ᠽᠠᠨ ᠵᠢᠶᠠ ᠬᠤᠷᠢᠶᠠᠯᠠᠯ ᠤᠨ ᠬᠤᠶᠢᠲᠤ ᠡᠭᠦᠳᠡ ᠶᠢᠨ ᠵᠢᠵᠢᠭ ᠲᠠᠯᠠᠪᠠᠢ ᠳᠤ᠂ ᠬᠠᠷᠢᠶᠠᠲᠤ ᠣᠷᠣᠨ ᠤ 24 ᠬᠦᠴᠢᠷᠳᠡᠯᠲᠡᠢ ᠵᠡᠮᠳᠡᠭᠴᠦᠳ ᠲᠤ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠬᠠᠶᠢᠷ᠎ᠠ ᠬᠠᠯᠠᠮᠵᠢᠲᠤ ᠠᠵᠤ ᠠᠬᠤᠶᠢᠯᠠᠯ ᠤᠨ ᠲᠤᠰᠠᠯᠠᠨ ᠬᠦᠷᠭᠡᠭᠰᠡᠨ ᠲᠣᠰᠣ ᠶᠢ ᠣᠯᠭᠤᠪᠠ᠃
     ᠲᠠᠪᠤᠨ ᠰᠠᠷ᠎ᠠ ᠶᠢᠨ ᠵᠥᠭᠡᠯᠡᠨ ᠰᠠᠯᠬᠢ ᠡᠶᠡᠪᠡᠷᠭᠦᠦ ᠳᠤᠯᠠᠭᠠᠨ ᠪᠦᠯᠢᠶᠡᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠲᠣᠰ ᠤᠳᠠᠭᠠᠨ ᠤ ᠲᠣᠬᠤᠨᠢᠭᠤᠯᠤᠯ ᠢ ᠬᠦᠯᠢᠶᠡᠭᠰᠡᠨ ᠵᠡᠮᠳᠡᠭᠴᠦᠳ ᠵᠢᠴᠢ ᠭᠡᠷ ᠪᠦᠯᠢ ᠶᠢᠨ ᠬᠢᠨ ᠤ ᠴᠢᠷᠠᠢ ᠳᠤ ᠴᠤ ᠪᠠᠶᠠᠷ ᠪᠠᠶᠠᠰᠬᠤᠯᠠᠩ ᠲᠠᠢ ᠢᠨᠢᠶᠡᠮᠰᠦᠭᠯᠡᠯ ᠪᠢᠯᠬᠠᠨ᠎ᠠ᠃ ᠠᠵᠢᠯᠯᠠᠭ᠎ᠠ ᠨᠢ ᠲᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠵᠡᠮᠳᠡᠭᠴᠦᠳ ᠢ ᠬᠠᠯᠠᠮᠵᠢᠯᠠᠭᠰᠠᠨ ᠢᠶᠠᠷ ᠪᠠᠷᠠᠬᠤ ᠦᠭᠡᠢ᠂ ᠪᠠᠰᠠ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠵᠡᠮᠳᠡᠭᠴᠦᠳ ᠢ ᠳᠡᠮᠵᠢᠵᠦ ᠠᠩᠬᠠᠷᠴᠤ ᠪᠠᠶᠢᠬᠤ ᠶᠢ ᠣᠶᠢᠯᠠᠭᠠᠭᠤᠯᠤᠭᠰᠠᠨ ᠪᠠᠶᠢᠨ᠎ᠠ᠃
     ᠬᠤᠶᠢᠰᠢᠳᠠ᠂ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠵᠡᠮᠳᠡᠭᠴᠦᠳ ᠤᠨ ᠬᠤᠯᠪᠣᠭ᠎ᠠ ᠯᠠᠪᠲᠠᠢ ᠡᠨᠡ ᠬᠦ ᠵᠡᠮᠳᠡᠭᠴᠦᠳ ᠢ ᠲᠡᠳᠬᠦᠨ ᠲᠤᠰᠠᠯᠠᠬᠤ ᠬᠠᠶᠢᠷ᠎ᠠ ᠬᠠᠯᠠᠮᠵᠢ ᠶᠢ ᠦᠷᠭᠦᠯᠵᠢᠯᠡᠨ ᠳᠠᠮᠵᠢᠭᠤᠯᠵᠤ᠂ ᠬᠠᠮᠢᠶ᠎ᠠ ᠪᠦᠬᠦᠢ ᠠᠵᠢᠯ ᠢ ᠢᠳᠡᠪᠬᠢᠲᠡᠢ ᠥᠷᠨᠢᠭᠦᠯᠵᠦ᠂ ᠬᠠᠷᠢᠶ᠎ᠠ ᠣᠷᠣᠨ ᠤ ᠵᠡᠮᠳᠡᠭᠴᠦᠳ ᠢ ᠠᠮᠢᠳᠤᠷᠠᠯ ᠳᠤ ᠨᠠᠩ ᠢᠲᠡᠭᠡᠯ ᠲᠠᠢ ᠪᠣᠯᠭᠠᠬᠤ ᠶᠢᠨ ᠬᠠᠮᠲᠤ ᠵᠡᠮᠳᠡᠭᠴᠦᠳ ᠤᠨ ᠮᠡᠳᠡᠯᠭᠡ ᠶᠢ ᠤᠬᠠᠭᠤᠯᠵᠤ᠂ ᠮᠠᠰᠢ ᠣᠯᠠᠨ ᠬᠥᠮᠥᠨ ᠳᠤ ᠵᠡᠮᠳᠡᠭᠴᠦᠳ ᠢ ᠣᠶᠢᠯᠭᠠᠬᠤ᠂ ᠵᠡᠮᠳᠡᠭᠴᠦᠳ ᠢ ᠮᠡᠳᠡᠬᠦ᠂ ᠵᠡᠮᠳᠡᠭᠴᠦᠳ ᠲᠤ ᠨᠠᠩ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号