ᠬᠤᠲᠣᠩ ᠠᠷᠠᠳ ᠶᠢᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/6/4
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠳᠠᠪᠲᠠᠨ ᠪᠣᠯᠪᠠᠰᠤᠷᠠᠭᠤᠯᠬᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠬᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ 2024 ᠣᠨ ᠤ 6 ᠰᠠᠷ᠎ᠠ ᠶᠢᠨ 3 ᠤ ᠡᠳᠦᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠨᠠᠮ ᠤᠨ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠬᠦ ᠶᠢ ᠬᠥᠮᠥᠵᠢᠭᠦᠯᠦᠨ ᠵᠢᠯᠣᠭᠤᠳᠪᠠ᠃
     ᠬᠤᠷᠠᠯ ᠳᠡᠭᠡᠷ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠺᠠᠩ ᠵᠢᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢ ᠴᠢᠩᠭᠠᠳᠬᠠᠬᠤ ᠲᠤᠬᠠᠢ ᠰᠢᠷᠢᠰ ᠴᠢᠬᠤᠯᠠ ᠶᠠᠷᠢᠶ᠎ᠠ ᠵᠢᠴᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠨᠡᠶᠢᠲᠡᠯᠡᠭᠰᠡᠨ 2024 ᠣᠨ ᠤ 4 ᠰᠠᠷ᠎ᠠ ᠳᠤ ᠪᠦᠬᠦ ᠤᠯᠤᠰ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠬᠤᠷᠢᠶᠠᠩᠭᠤᠶᠢᠯᠠᠭᠰᠠᠨ ᠪᠠᠶᠢᠳᠠᠯ ᠵᠡᠷᠭᠡ ᠠᠭᠤᠯᠭ᠎ᠠ ᠶᠢ ᠳᠠᠭᠠᠭᠤᠯᠤᠨ ᠰᠤᠷᠤᠯᠴᠠᠪᠠ᠃ ᠳᠠᠷᠠᠭ᠎ᠠ ᠨᠢ᠂ ᠮᠠᠨ ᠤ ᠲᠣᠭᠤᠷᠢᠭ ᠤᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠯᠠᠮᠵᠢᠯᠠᠭᠰᠠᠨ ᠪᠥᠭᠡᠳ ᠰᠠᠬᠢᠯᠭ᠎ᠠ ᠪᠠᠲᠤ ᠬᠠᠤᠯᠢ ᠴᠠᠭᠠᠵᠠ ᠶᠢᠨ ᠪᠠᠭ᠎ᠠ ᠬᠢᠴᠢᠶᠡᠯ ᠤᠨ ᠲᠠᠩᠬᠢᠮ ᠤᠨ ᠸᠢᠳᠢᠤ᠋ ᠶᠢ ᠦᠵᠡᠵᠦ᠂ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠵᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠷᠡᠭᠦᠯᠪᠡ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠡᠷᠡᠭ ᠢᠶᠠᠷ ᠲᠣᠯᠢ ᠪᠣᠯᠭᠠᠬᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠠᠬᠢᠭᠤᠯᠵᠤ ᠵᠠᠰᠠᠬᠤ ᠶᠢ ᠠᠬᠢᠭᠤᠯᠬᠤ ᠬᠡᠷᠡᠭᠲᠡᠢ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠭᠡᠬᠦ ᠡᠨᠡ ᠬᠦ ᠰᠤᠷᠤᠯᠴᠠᠯᠭ᠎ᠠ ᠶᠢᠨ ᠭᠤᠣᠯᠳᠠᠯᠭ᠎ᠠ ᠶᠢ ᠴᠢᠩᠭ᠎ᠠ ᠠᠳᠬᠤᠵᠤ᠂ ᠰᠠᠬᠢᠯᠭ᠎ᠠ ᠪᠠᠲᠤ ᠶᠢᠨ ᠦᠵᠡᠯᠲᠡ ᠪᠠᠨ ᠦᠨᠡᠨ ᠬᠦ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠪᠠᠨ ᠴᠢᠩᠭᠠᠳᠬᠠᠬᠤ ᠬᠡᠷᠡᠭᠲᠡᠢ︔ ᠨᠠᠮ ᠤᠨ ᠭᠡᠰᠢᠭᠦᠨ ᠺᠠᠳ᠋ᠷᠴᠤᠳ ᠤᠨ ᠰᠡᠷᠡᠮᠵᠢ ᠬᠦᠷᠦᠯᠴᠡᠬᠦ ᠦᠭᠡᠢ ᠪᠠᠶᠢᠬᠤ᠂ ᠬᠤᠷᠢᠭ᠎ᠠ ᠱᠤᠭᠤᠮ ᠨᠢ ᠲᠣᠳᠣᠷᠬᠠᠢ ᠦᠭᠡᠢ᠂ ᠰᠠᠬᠢᠯᠭ᠎ᠠ ᠪᠠᠲᠤ ᠶᠢ ᠰᠠᠬᠢᠬᠤ ᠪᠠᠷ ᠴᠢᠩᠭ᠎ᠠ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠦᠢᠯᠡᠳᠦᠯ ᠢ ᠪᠠᠳᠠᠷᠠᠭᠤᠯᠵᠤ᠂ ︽ᠳᠡᠷᠭᠡᠳᠡᠬᠢ ᠬᠥᠮᠥᠨ ᠪᠠ ᠳᠡᠷᠭᠡᠳᠡᠬᠢ ᠶᠠᠪᠤᠳᠠᠯ︾ ᠢ ᠰᠠᠶᠢᠲᠤᠷ ᠬᠡᠷᠡᠭᠯᠡᠵᠦ᠂ ᠰᠡᠷᠡᠮᠵᠢᠯᠡᠭᠦᠯᠬᠦ ᠬᠥᠮᠦᠵᠢᠯ ᠤᠨ ᠬᠠᠨᠳᠤᠯᠭᠠᠲᠤ ᠴᠢᠨᠠᠷ ᠢ ᠴᠢᠩᠭᠠᠳᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃      ᠲᠣᠰ ᠤᠳᠠᠭᠠᠨ ᠤ ᠲᠥᠪᠯᠡᠷᠡᠩᠭᠦᠢ ᠰᠤᠷᠤᠯᠴᠠᠯᠭ᠎ᠠ ᠪᠠᠷ ᠳᠡᠮᠵᠢᠨ᠂ ᠪᠥᠬᠦ ᠨᠠᠮ ᠤᠨ ᠭᠡᠰᠢᠭᠦᠨ᠂ ᠺᠠᠳ᠋ᠷᠴᠤᠳ ᠨᠢᠭᠡ ᠤᠳᠠᠭᠠᠨ ᠤ ᠭᠦᠨ ᠭᠦᠨᠵᠡᠭᠡᠢ ᠦᠵᠡᠯ ᠰᠠᠨᠠᠭᠠᠨ ᠤ ᠳᠠᠪᠲᠠᠯᠲᠠ ᠶᠢ ᠭᠥᠯᠢᠶᠡᠨ ᠠᠪᠴᠤ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠰᠠᠬᠢᠯᠭ᠎ᠠ ᠪᠠᠲᠤ ᠪᠠᠷ ᠲᠣᠯᠢ ᠪᠣᠯᠭᠠᠨ᠂ ᠵᠢᠱᠢᠶ᠎ᠡ ᠬᠡᠷᠡᠭ ᠢᠶᠠᠷ ᠲᠣᠯᠢ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠦᠨᠡᠨ ᠬᠦ ᠡᠳᠦᠷ ᠲᠤᠲᠤᠮ ᠤᠨ ᠦᠶᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠬᠦ᠂ ᠬᠤᠷᠢᠭ᠎ᠠ ᠱᠤᠭᠤᠮ ᠢ ᠰᠠᠬᠢᠬᠤ ᠶᠢ ᠪᠡᠶᠡᠯᠡᠭᠦᠯᠵᠦ᠂ ᠨᠠᠩ ᠴᠢᠩᠭ᠎ᠠ ᠪᠣᠳᠠᠲᠠᠢ ᠰᠤᠷᠲᠠᠯ ᠢᠶᠠᠷ ᠡᠳᠦᠷ ᠲᠤᠲᠤᠮ ᠤᠨ ᠠᠵᠢᠯ ᠳᠤ ᠣᠷᠣᠯᠴᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠨᠠᠮ ᠤᠨ ᠭᠡᠰᠢᠭᠦᠨ ᠺᠠᠳ᠋ᠷ ᠪᠣᠯᠣᠨ᠎ᠠ ᠭᠡᠵᠦ ᠢᠯᠡᠳᠬᠡᠵᠡᠭᠡᠪᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号