ᠬᠤᠲᠣᠩ ᠠᠷᠠᠳ ᠶᠢᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠵᠡᠮᠳᠡᠭ ᠬᠡᠦᠬᠡᠳ ᠢ ᠬᠠᠯᠠᠮᠵᠢᠯᠠᠨ ᠬᠠᠶᠢᠷᠠᠯᠠᠵᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/4
      ᠵᠡᠮᠳᠡᠭ ᠬᠡᠦᠬᠡᠳ ᠤᠨ ᠦᠰᠦᠨ ᠪᠤᠶᠢᠵᠢᠯᠲᠠ ᠪᠠ ᠬᠥᠭᠵᠢᠯᠲᠡ ᠶᠢ ᠤᠯᠠᠮ ᠨᠢᠭᠡ ᠠᠯᠬᠤᠮ ᠬᠠᠯᠠᠮᠵᠢᠯᠠᠨ ᠬᠠᠶᠢᠷᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠡᠮᠳᠡᠭ ᠬᠡᠦᠬᠡᠳ ᠢ ᠠᠩᠬᠠᠷᠤᠨ ᠳᠡᠮᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠵᠢᠴᠢ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠲᠠᠢ ᠬᠠᠮᠲᠤᠷᠠᠨ ᠺᠤᠸᠠᠢ ᠯᠧ ᠱᠢᠩ ᠬᠡᠦᠬᠡᠳ ᠤᠨ ᠡᠷᠡᠭᠦᠯᠵᠢᠯ ᠤᠨ ᠲᠥᠪ᠂ ᠹᠠᠩ ᠵᠧᠦ ᠴᠢ ᡁᠢ ᠡᠷᠡᠭᠦᠯᠵᠢᠯ ᠤᠨ ᠲᠥᠪ ᠲᠤ ᠬᠦᠷᠴᠦ ᠵᠢᠷᠭᠤᠭᠠᠨ ᠰᠠᠷ᠎ᠠ ᠶᠢᠨ ᠨᠢᠭᠡᠨ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠲᠤ ᠪᠠᠶᠠᠷ ᠤᠨ ᠡᠳᠦᠷ ᠤᠨ ᠵᠥᠩᠨᠡᠯ ᠪᠠ ᠪᠡᠯᠡᠭ ᠬᠦᠷᠭᠡᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠪᠠᠭᠰᠢ ᠪᠣᠯᠣᠨ ᠬᠡᠦᠬᠡᠳ ᠤᠳ ᠲᠤ ᠪᠢᠴᠢᠭ ᠤᠨ ᠬᠡᠷᠡᠭᠰᠡᠯ᠂ ᠤᠶᠤᠨ ᠢ ᠰᠠᠶᠢᠵᠢᠷᠠᠭᠤᠯᠬᠤ ᠨᠠᠭᠠᠳᠤᠮ ᠪᠠ ᠬᠢᠴᠢᠶᠡᠯ ᠤᠨ ᠬᠡᠷᠡᠭᠰᠡᠯ᠂ ᠦᠨᠢᠶᠡᠨ ᠰᠦ ᠵᠡᠷᠭᠡ ᠬᠠᠶᠢᠷ᠎ᠠ ᠬᠠᠯᠠᠮᠵᠢ ᠶᠢᠨ ᠪᠡᠯᠡᠭ ᠬᠦᠷᠭᠡᠪᠡ᠃ ᠳᠠᠷᠠᠭ᠎ᠠ ᠨᠢ᠂ ᠬᠡᠦᠬᠡᠳ ᠤᠳ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠲᠣᠬᠤᠨᠢᠭᠤᠯᠬᠤ ᠳᠤᠭᠤᠶᠢᠯᠠᠩ ᠤᠨ ᠠᠪᠠᠭ᠎ᠠ ᠠᠨᠢᠶ᠎ᠠ ᠲᠠᠢ ᠬᠠᠷᠢᠯᠴᠠᠨ ᠲᠣᠭᠯᠠᠭᠠᠮ ᠬᠢᠭᠰᠡᠨ ᠪᠥᠭᠡᠳ ᠲᠡᠳᠡᠨ ᠤ ᠥᠪᠡᠷ ᠢᠶᠠᠨ ᠦᠢᠯᠡᠳᠦᠭᠰᠡᠨ ᠭᠠᠷ ᠤᠷᠠᠯᠠᠯ ᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠡᠢ᠃
     ᠲᠣᠰ ᠤᠳᠠᠭᠠᠨ ᠤ ᠠᠵᠢᠯᠯᠠᠭ᠎ᠠ ᠨᠢ ᠵᠡᠮᠳᠡᠭ ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠪᠠ ᠬᠠᠶᠢᠷ᠎ᠠ ᠬᠠᠯᠠᠮᠵᠢ ᠶᠢ ᠬᠦᠷᠭᠡᠭᠰᠡᠨ ᠢᠶᠠᠷ ᠪᠠᠷᠠᠬᠤ ᠦᠭᠡᠢ᠂ ᠨᠠᠩ ᠴᠤ ᠨᠡᠶᠢᠭᠡᠮ ᠤᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭ ᠬᠡᠦᠬᠡᠳ ᠤᠨ ᠦᠰᠦᠨ ᠪᠤᠶᠢᠵᠢᠯᠲᠠ ᠪᠠ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠲᠡᠳᠡᠨ ᠳᠤ ᠨᠡᠩ ᠤᠯᠠᠨ ᠬᠠᠪᠰᠤᠷᠤᠯᠭ᠎ᠠ ᠪᠠ ᠳᠡᠮᠵᠢᠯᠭᠡ ᠬᠠᠩᠭᠠᠵᠤ᠂ ᠲᠡᠳᠡᠨ ᠳᠤ ᠨᠡᠩ ᠤᠯᠠᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号