ᠬᠤᠲᠣᠩ ᠠᠷᠠᠳ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠰᠥᠨᠢ ᠲᠣᠳᠣᠯᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/4
      ᠵᠠᠯᠠᠭᠤᠴᠤᠳ ᠪᠠᠭᠠᠴᠤᠳ ᠤᠨ ᠦᠰᠦᠨ ᠪᠣᠶᠢᠵᠢᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠨ᠂ ᠨᠢᠭᠤᠴᠠ ᠲᠠᠰᠤᠭ ᠠᠴᠠ ᠵᠠᠶᠢᠯᠠᠬᠤ ᠪᠠ ᠵᠦᠴᠦᠭᠡ ᠶᠢᠨ ᠳᠡᠪᠲᠡᠷ ᠤᠨ ᠲᠣᠭᠯᠠᠯᠲᠠ ᠵᠡᠷᠭᠡ ᠨᠠᠰᠤᠨ ᠳᠤ ᠥᠯᠥ ᠭᠦᠷᠦᠭᠰᠡᠳ ᠤᠨ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠦᠷᠢᠶᠡᠨ ᠳᠠᠬᠢ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢ ᠲᠦᠯᠬᠢᠨ ᠠᠬᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠦᠷᠢᠶᠡᠨ ᠳᠠᠬᠢ ᠨᠠᠰᠤᠨ ᠳᠤ ᠥᠯᠥ ᠭᠦᠷᠦᠭᠰᠡᠳ ᠲᠤ ᠬᠠᠯᠳᠠᠭᠰᠠᠨ ᠶᠠᠯᠠᠲᠤ ᠬᠡᠷᠡᠭ ᠤᠨ ᠡᠭᠦᠰᠬᠦ ᠶᠢ ᠰᠡᠷᠭᠡᠶᠢᠯᠡᠨ ᠪᠠᠭᠠᠰᠬᠠᠬᠤ ᠶᠢᠨ ᠲᠥᠯᠥᠭᠡ᠂ 6 ᠰᠠᠷ᠎ᠠ ᠶᠢᠨ 1 ᠤ ᠣᠷᠣᠢ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠦᠩ ᠱᠠᠨ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ︵ᠬᠠᠢ ᠯᠢᠶᠠᠩ ᠬᠤᠳᠠᠯᠳᠤᠭᠠᠨ ᠤ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ︶᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠬᠠᠢ ᠯᠢᠶᠠᠩ ᠬᠤᠳᠠᠯᠳᠤᠭᠠᠨ ᠤ ᠲᠣᠭᠤᠷᠢᠭ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠦᠷᠢᠶᠡᠨ ᠳᠤ ᠲᠥᠪᠯᠡᠷᠡᠭᠦᠯᠦᠨ ᠢᠯᠭᠠᠷᠠᠭᠤᠯᠤᠨ ᠪᠠᠶᠢᠴᠠᠭᠠᠪᠠ᠃
     ᠲᠣᠰ ᠤᠳᠠᠭ᠎ᠠ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠡᠵᠡᠩᠨᠡᠯᠲᠡ ᠶᠢᠨ ᠲᠠᠯᠠᠪᠤᠷ ᠭᠠᠵᠠᠷ ᠢ ᠨᠡᠶᠢᠲᠡ 18 ᠪᠠᠶᠢᠴᠠᠭᠠᠵᠤ᠂ ᠭᠤᠣᠯᠳᠠᠭᠤ ᠡᠵᠡᠩᠨᠡᠯᠲᠡ ᠶᠢᠨ ᠲᠠᠯᠠᠪᠤᠷ ᠭᠠᠵᠠᠷ ᠤᠨ ᠠᠮᠤᠷ ᠢ ᠬᠠᠮᠠᠭᠠᠯᠠᠬᠤ ᠠᠮᠤᠷ ᠲᠦᠪᠰᠢᠨ ᠤ ᠠᠰᠠᠭᠤᠳᠠᠯ ᠤᠨ ᠲᠣᠭᠤᠷᠢᠨ ᠳᠤ᠂ ᠭᠡᠷᠡᠴᠢ ᠦᠨᠡᠮᠯᠡᠯ ᠨᠢ ᠬᠠᠤᠯᠢ ᠳᠤ ᠨᠡᠶᠢᠴᠡᠬᠦ ᠡᠰᠡᠬᠦ᠂ ᠵᠦᠴᠦᠭᠡ ᠶᠢᠨ ᠳᠡᠪᠲᠡᠷ᠂ ᠪᠠᠭᠠᠵᠢ ᠬᠡᠷᠡᠭᠰᠡᠯ᠂ ᠬᠤᠪᠴᠠᠰᠤ ᠵᠠᠰᠠᠯ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ ᠶᠢᠨ ᠠᠭᠤᠯᠭ᠎ᠠ ᠨᠢ ᠡᠷᠡᠭᠦᠯ ᠴᠢᠭᠢᠷᠠᠭ ᠪᠠᠶᠢᠬᠤ ᠡᠰᠡᠬᠦ︔ ᠵᠣᠬᠢᠬᠤ ᠨᠠᠰᠤᠨ ᠤ ᠲᠥᠷᠥᠯ ᠬᠤᠪᠢᠶᠠᠭᠰᠠᠨ ᠡᠰᠡᠬᠦ᠂ ᠡᠵᠡᠩᠨᠡᠯᠲᠡ ᠶᠢᠨ ᠴᠠᠭ ᠨᠢ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠨᠴᠠ ᠵᠠᠷᠢᠮ ᠡᠵᠡᠩᠨᠡᠯᠲᠡ ᠶᠢᠨ ᠲᠠᠯᠠᠪᠤᠷ ᠲᠤ ᠳᠠᠩᠰᠠᠯᠠᠭᠤᠯᠤᠭᠰᠠᠨ ᠭᠡᠷᠡᠴᠢ ᠪᠠ ᠨᠠᠰᠤᠨ ᠳᠤ ᠥᠯᠥ ᠭᠦᠷᠦᠭᠰᠡᠳ ᠲᠤ ᠥᠭᠭᠦᠭᠰᠡᠨ ᠰᠠᠨᠠᠭᠤᠯᠤᠮᠵᠢ ᠶᠢᠨ ᠫᠠᠶᠢᠰᠠ ᠳᠡᠭᠡᠷ᠎ᠡ ᠢᠯᠡ ᠣᠷᠣᠨ ᠪᠠᠶᠢᠷᠢ ᠳᠤ ᠨᠠᠭᠠᠭᠰᠠᠨ ᠦᠭᠡᠢ᠂ ᠡᠵᠡᠩᠨᠡᠯᠲᠡ ᠶᠢᠨ ᠦᠨᠡᠮᠯᠡᠯ ᠨᠢ ᠬᠡᠷᠡᠮ ᠳᠤ ᠭᠠᠷᠤᠭᠰᠠᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠲᠤᠬᠠᠢ ᠶᠢᠨ ᠲᠠᠯᠠᠪᠤᠷ ᠲᠤ ᠡᠵᠡᠩᠨᠡᠯᠲᠡ ᠶᠢᠨ ᠦᠨᠡᠮᠯᠡᠯ ᠣᠯᠣᠭᠰᠠᠨ ᠦᠭᠡᠢ 1 ᠨᠢᠭᠤᠴᠠ ᠲᠠᠰᠤᠭ ᠠᠴᠠ ᠵᠠᠶᠢᠯᠠᠬᠤ ᠨᠠᠭᠠᠳᠤᠮ ᠤᠨ ᠡᠵᠡᠩᠨᠡᠯᠲᠡ ᠶᠢᠨ ᠬᠤᠳᠠᠯᠳᠤᠭᠠᠴᠢᠨ ᠡᠷᠦᠬᠡ ᠠᠴᠠ ᠪᠠᠶᠢᠴᠠᠭᠠᠨ ᠪᠢᠲᠡᠭᠦᠮᠵᠢᠯᠡᠵᠦ᠂ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠬᠤᠷᠢᠶᠠᠨ ᠠᠪᠴᠠᠢ᠃ ᠪᠤᠰᠤᠳ ᠡᠵᠡᠩᠨᠡᠭᠴᠢ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠪᠣᠯᠪᠠᠰᠤᠷᠠᠭᠤᠯᠤᠯ ᠬᠢᠵᠦ᠂ ᠡᠵᠡᠩᠨᠡᠭᠴᠢ ᠶᠢ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠨᠠᠰᠤᠨ ᠳᠤ ᠦᠯᠦ ᠬᠦᠷᠦᠭᠰᠡᠳ ᠲᠤ ᠡᠷᠡᠭᠦᠯ ᠮᠡᠨᠳᠦ᠂ ᠠᠮᠤᠷ ᠲᠦᠪᠰᠢᠨ ᠵᠤᠭ᠎ᠠ ᠴᠡᠩᠭᠡᠯ ᠤᠨ ᠣᠷᠴᠢᠨ ᠨᠥᠬᠦᠴᠡᠯ ᠢ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
     ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠬᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠦᠷᠢᠶ᠎ᠡ ᠶᠢ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠪᠠᠶᠢᠩᠭᠤᠵᠢᠭᠤᠯᠤᠭᠰᠠᠨ ᠲᠤᠰᠠᠭᠠᠷ ᠬᠠᠤᠯᠢ ᠬᠡᠷᠡᠭᠵᠢᠭᠦᠯᠬᠦ ᠪᠠ ᠤᠯᠠᠨ ᠰᠠᠯᠠᠭ᠎ᠠ ᠮᠥᠴᠢᠷ ᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠲᠤᠷᠠᠨ ᠴᠡᠭᠴᠡᠯᠡᠨ ᠵᠠᠰᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠨ᠂ ᠡᠶ᠎ᠡ ᠵᠣᠬᠢᠴᠠᠩᠭᠤᠢ ᠠᠮᠤᠷ ᠠᠮᠤᠭᠤᠯᠠᠩ ᠬᠤᠲᠣᠩ ᠠᠷᠠᠳ ᠤᠨ ᠲᠣᠭᠤᠷᠢᠭ ᠢ ᠢᠳᠡᠪᠬᠢᠲᠡᠢ ᠡᠭᠦᠳᠦᠨ ᠪᠠᠶᠢᠭᠤᠯᠤᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号