︽6.1︾ ᠤ ᠬᠡᠦᠬᠡᠳ ᠤᠨ ᠪᠠᠶᠠᠷ  ᠭᠠᠵᠠᠷ ᠠᠳᠠᠯᠢ ᠪᠤᠰᠤ ᠭᠤᠣᠯ ᠰᠡᠳᠦᠪᠲᠦ ᠶᠡᠭᠡ ᠠᠩᠭᠢ ᠶᠢᠨ ᠬᠥᠳᠡᠯᠭᠡᠭᠡᠨ ᠬᠢᠨ᠎ᠡ︕
ᠨᠡᠶᠢᠲᠡᠯᠡᠭᠰᠡᠨ ᠴᠠᠭ᠄
2024/6/4
      ᠲᠡᠷᠢ ᠲᠡᠭᠰᠢ ᠡᠩᠨᠡᠭᠡ᠂ ᠭᠤᠶᠢᠳᠠ ᠰᠠᠶᠢᠬᠠᠨ ᠬᠡᠢ ᠪᠥᠮᠪᠦᠭᠡ᠂ ᠤᠷᠢ ᠵᠠᠯᠠᠭᠤ ᠨᠠᠰᠤᠨ ᠤ ᠰᠦᠷ ᠵᠢᠪᠬᠤᠭ᠎ᠠ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ︕ ᠵᠢᠯ ᠳᠤ ᠨᠢᠭᠡ ᠤᠳᠠᠭ᠎ᠠ ᠶᠠᠪᠤᠭᠳᠠᠬᠤ ᠳᠡᠯᠡᠬᠡᠢ ᠶᠢᠨ ᠬᠡᠦᠬᠡᠳ ᠤᠨ ᠪᠠᠶᠠᠷ ᠢ ᠪᠡᠯᠭᠡᠯᠡᠬᠦ ᠶᠢᠨ ᠬᠠᠮᠲᠤ᠂ ᠰᠤᠷᠤᠭᠴᠢᠳ ᠤᠨ ᠰᠢᠨᠵᠢᠯᠡᠬᠦ ᠤᠬᠠᠭᠠᠨ ᠪᠣᠯᠣᠨ ᠤᠷᠠᠯᠢᠭ ᠤᠨ ᠲᠤᠬᠠᠢ ᠬᠠᠶᠢᠷ᠎ᠠ ᠬᠠᠯᠠᠮᠵᠢ ᠪᠠᠨ ᠬᠥᠭᠵᠢᠭᠡᠬᠦ ᠶᠢᠨ ᠲᠥᠯᠥᠭᠡ᠂ ᠬᠥᠬᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠪᠠᠭ᠎ᠠ ᠰᠤᠷᠭᠠᠭᠤᠯᠢ ᠶᠢᠨ ᠬᠡᠯᠲᠡᠰ ᠨᠢᠭᠡ ᠤᠳᠠᠭᠠᠨ ᠤ ᠥᠪᠡᠷᠮᠢᠴᠡ ᠠᠵᠢᠯᠯᠠᠭ᠎ᠠ︱︽ᠤᠯᠠᠭᠠᠨ ᠪᠦᠴᠡᠲᠡᠨ ᠤ ᠡᠬᠡ ᠤᠯᠤᠰ ᠢᠶᠠᠨ ᠬᠠᠶᠢᠷᠠᠯᠠᠬᠤ︾ ᠭᠤᠣᠯ ᠰᠡᠳᠦᠪᠲᠦ ᠶᠡᠭᠡ ᠠᠩᠭᠢ ᠵᠢᠴᠢ ᠠᠩᠬᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠤᠷᠠᠯᠢᠭ ᠤᠨ ᠨᠠᠶᠢᠷ ᠥᠷᠨᠢᠭᠦᠯᠪᠡ᠃
     ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠤᠭ ᠤᠨ ᠠᠶ᠎ᠠ ᠠᠴᠠ ᠭᠠᠷᠬᠤ ᠠᠶᠠᠰ ᠢ ᠳᠠᠭᠠᠯᠳᠤᠨ᠂ ᠨᠢᠭᠡᠳᠦᠭᠡᠷ ᠣᠨ ᠤ ᠵᠢᠭᠰᠠᠭᠠᠯ ᠳᠤ ᠣᠷᠣᠬᠤ ᠶᠣᠰᠣᠯᠠᠯ ᠵᠢᠩᠬᠢᠨᠢ ᠪᠠᠷ ᠡᠬᠢᠯᠡᠪᠡ᠃ ᠠᠩᠭᠢ ᠶᠢᠨ ᠳᠠᠯᠪᠠᠭ᠎ᠠ ᠰᠠᠯᠬᠢᠨ ᠤ ᠠᠶ᠎ᠠ ᠪᠠᠷ ᠨᠠᠮᠢᠷᠠᠵᠤ᠂ ᠭᠠᠯ ᠪᠠᠮᠪᠠᠷ ᠠᠯᠲᠠᠨ ᠭᠡᠷᠡᠯ ᠰᠠᠴᠤᠷᠠᠨ᠎ᠠ᠃ ᠲᠤᠭ ᠨᠠᠮᠢᠷᠠᠨ᠂ ᠲᠡᠷᠢ ᠲᠡᠭᠰᠢ ᠠᠯᠬᠤᠭ᠎ᠠ ᠪᠠᠷ ᠰᠦᠷ ᠵᠢᠪᠬᠤᠯᠠᠩᠲᠤ ᠲᠤᠭ ᠭᠠᠷᠭᠠᠬᠤ ᠶᠣᠰᠣᠯᠠᠯ ᠶᠠᠪᠤᠭᠤᠯᠵᠠᠢ᠃ ᠠᠬᠠᠮᠠᠳ ᠭᠡᠰᠢᠭᠦᠳ ᠤᠨ ᠲᠥᠯᠥᠭᠡᠯᠡᠭᠴᠢ ᠤᠯᠠᠭᠠᠨ ᠪᠦᠴᠡ ᠶᠢ ᠲᠥᠪ ᠬᠢᠴᠢᠶᠡᠩᠭᠦᠢ ᠪᠠᠷ ᠰᠢᠨ᠎ᠡ ᠭᠡᠰᠢᠭᠦᠨ ᠤ ᠴᠡᠭᠡᠵᠢᠨ ᠳᠤ ᠬᠦᠷᠭᠡᠵᠦ᠂ ᠠᠩᠭᠢ ᠶᠢᠨ ᠭᠡᠰᠢᠭᠦᠳ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠳᠠᠭᠤᠤ︾ ᠶᠢ ᠬᠠᠩᠭᠢᠨᠠᠲᠠᠯ᠎ᠠ ᠳᠠᠭᠤᠯᠠᠵᠤ᠂ ᠳᠠᠭᠤᠤ ᠲᠠᠮᠢᠷ ᠤᠨ ᠲᠠᠯᠠᠪᠠᠢ ᠶᠢᠨ ᠥᠨᠴᠥᠭ ᠪᠤᠯᠤᠩ ᠳᠤ ᠴᠤᠤᠷᠢᠶᠠᠲᠤᠪᠠ᠃
     ᠵᠢᠭᠰᠠᠭᠠᠯ ᠳᠤ ᠣᠷᠣᠬᠤ ᠶᠣᠰᠣᠯᠠᠯ ᠤᠨ ᠳᠠᠷᠠᠭ᠎ᠠ᠂ ᠬᠡᠦᠬᠡᠳ ᠤᠳ ᠳᠠᠭᠤᠤ ᠪᠥᠵᠢᠭ᠂ ᠤᠷᠠᠨ ᠤᠩᠰᠢᠯᠭ᠎ᠠ᠂ ᠬᠥᠭᠵᠢᠮᠳᠡᠭᠦᠷ ᠤᠨ ᠨᠠᠶᠢᠷᠠᠯ ᠬᠥᠭᠵᠢᠮ ᠵᠡᠷᠭᠡ ᠣᠯᠠᠨ ᠵᠦᠢᠯ ᠤᠨ ᠬᠡᠯᠪᠡᠷᠢ ᠪᠠᠷ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠢᠯᠡᠳᠬᠡᠵᠦ᠂ ︽ᠱᠢ ᠼᠢ ᠯᠢ ᠳ᠋ᠧ ᠹᠧᠢ ᠲᠢᠶᠠᠨ ᠮᠧᠩ︾᠂ ︽ᠡᠬᠡ ᠤᠯᠤᠰ ᠲᠤ ᠪᠢ ᠪᠤᠢ︾᠂ ︽ᠠᠨᠠᠷ ᠤᠨ ᠦᠷ᠎ᠡ︾ ᠁ ᠨᠢᠭᠡ ᠲᠠᠯᠠᠪᠤᠷ ᠨᠠᠷᠢᠨ ᠨᠢᠮᠪᠠᠢ ᠨᠠᠶᠢᠷᠠᠭᠤᠯᠤᠭᠰᠠᠨ ᠫᠷᠣᠭ᠍ᠷᠠᠮ  ᠨᠢ ᠬᠡᠦᠬᠡᠳ ᠤᠨ ᠤᠷᠠᠯᠢᠭ ᠤᠨ ᠴᠢᠳᠠᠪᠤᠷᠢ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ᠭᠦᠨ ᠭᠦᠨᠵᠡᠭᠡᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠣᠯᠵᠤ᠂ ︽ᠤᠯᠠᠭᠠᠨ ᠪᠦᠴᠡᠲᠡᠨ ᠤ ᠡᠬᠡ ᠤᠯᠤᠰ ᠢᠶᠠᠨ ᠬᠠᠶᠢᠷᠠᠯᠠᠬᠤ︾ ᠭᠤᠣᠯ ᠰᠡᠳᠦᠪ ᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠯᠴᠢ ᠰᠡᠳᠬᠢᠮᠵᠢ ᠶᠢᠨ ᠦᠵᠡᠭᠦᠯᠭᠡ ᠶᠢᠨ ᠲᠣᠭᠤᠷᠢᠭ ᠢ ᠣᠨᠴᠠᠭᠠᠶᠢᠯᠠᠨ ᠪᠠᠶᠢᠭᠤᠯᠵᠤ᠂ ᠬᠡᠦᠬᠡᠳ ᠤᠨ ᠭᠠᠷ ᠬᠥᠳᠡᠯᠦᠨ ᠦᠢᠯᠡᠳᠦᠭᠰᠡᠨ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠡᠭᠦᠳᠦᠯᠲᠡ ᠪᠣᠯᠣᠨ ᠪᠦᠲᠦᠭᠡᠯᠴᠢ ᠵᠠᠭᠪᠤᠷ ᠢ ᠳᠡᠯᠭᠡᠨ ᠦᠵᠡᠭᠦᠯᠵᠦ᠂ ᠳᠥᠭᠦᠮ ᠳᠥᠲᠡ ᠮᠠᠰᠢᠨ ᠬᠥᠮᠥᠨ ᠠᠴᠠ ᠣᠷᠴᠢᠨ ᠲᠣᠭᠤᠷᠢᠨ ᠢ ᠬᠠᠮᠠᠭᠠᠯᠠᠬᠤ ᠡᠨᠧᠷᠭᠢ ᠶᠢᠨ ᠲᠥᠬᠦᠭᠡᠷᠦᠮᠵᠢ ᠬᠦᠷᠲᠡᠯ᠎ᠡ᠂ ᠪᠦᠲᠦᠭᠡᠯ ᠨᠢᠭᠡᠪᠦᠷᠢ ᠨᠢ ᠴᠥᠮ ᠬᠡᠦᠬᠡᠳ ᠤᠨ ᠦᠯᠦ ᠮᠡᠳᠡᠬᠦ ᠶᠢᠷᠲᠢᠨᠴᠦ ᠶᠢᠨ ᠭᠠᠶᠢᠬᠠᠮᠰᠢᠭᠲᠤ ᠪᠠ ᠬᠠᠶᠢᠨ ᠰᠦᠪᠡᠭᠴᠢᠯᠡᠯᠲᠡ ᠶᠢᠨ ᠵᠣᠷᠢᠭ ᠰᠠᠨᠠᠭ᠎ᠠ ᠶᠢ ᠬᠠᠷᠠᠭᠤᠯᠵᠠᠢ᠃
     ᠠᠵᠢᠯᠯᠠᠭ᠎ᠠ ᠨᠢ ᠬᠡᠦᠬᠡᠳ ᠤᠨ ᠥᠷᠨᠢᠭᠦᠨ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠡᠯᠪᠡᠭ ᠪᠠᠶᠠᠯᠢᠭ ᠠᠭᠤᠯᠭ᠎ᠠ ᠲᠠᠢ ᠲᠣᠭᠯᠠᠯᠲᠠ ᠪᠠ ᠦᠵᠡᠭᠦᠯᠦᠯᠭᠡ ᠪᠠᠷ ᠳᠠᠮᠵᠢᠭᠤᠯᠤᠨ᠂ ᠬᠡᠦᠬᠡᠳ ᠤᠳ ᠲᠤ ᠥᠪᠡᠷ ᠢ ᠪᠠᠨ ᠳᠡᠯᠭᠡᠨ ᠦᠵᠡᠭᠦᠯᠬᠦ᠂ ᠰᠣᠯᠢᠯᠴᠠᠨ ᠰᠤᠷᠤᠯᠴᠠᠬᠤ ᠲᠠᠪᠴᠠᠩ ᠬᠠᠩᠭᠠᠵᠤ᠂ ᠨᠡᠩ ᠴᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠦᠪᠡᠭᠴᠢᠯᠡᠯᠲᠡ ᠪᠠ ᠤᠷᠠᠯᠢᠭ ᠤᠨ ᠰᠢᠨ᠎ᠡ ᠶᠢ ᠡᠭᠦᠳᠬᠦ ᠶᠢ ᠪᠦᠷᠢᠨ ᠲᠡᠭᠦᠯᠳᠡᠷ ᠠᠭᠤᠰᠤᠯᠴᠠᠭᠤᠯᠵᠤ᠂ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠳᠤᠮᠳᠠ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯ᠂ ᠰᠡᠳᠬᠢᠨ ᠪᠤᠳᠤᠬᠤ ᠴᠢᠳᠠᠪᠤᠷᠢ᠂ ᠬᠦᠰᠡᠯ ᠢ ᠨᠢ ᠡᠷᠢᠯᠬᠢᠯᠡᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号