ᠬᠤᠲᠣᠩ ᠠᠷᠠᠳ ᠤᠨ ᠲᠣᠭᠤᠷᠢᠭ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/6/4
      6 ᠰᠠᠷ᠎ᠠ ᠶᠢᠨ 1 ᠤ ᠡᠳᠦᠷ᠂ ᠬᠤᠲᠣᠩ ᠠᠷᠠᠳ ᠤᠨ ᠲᠣᠭᠤᠷᠢᠭ ᠤᠨ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠳᠤ ᠶᠠᠪᠤᠭᠳᠠᠪᠠ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠣᠩ ᠠᠷᠠᠳ ᠤᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠣᠰᠣᠯᠠᠯ ᠳᠤ ᠣᠷᠣᠯᠴᠠᠭᠰᠠᠳ ᠠᠮᠤᠷ ᠲᠦᠪᠰᠢᠨ ᠤ ᠰᠠᠷ᠎ᠠ ᠶᠢᠨ ᠠᠵᠢᠯᠯᠠᠭ᠎ᠠ ᠶᠢᠨ ᠭᠤᠣᠯ ᠰᠡᠳᠦᠪᠲᠦ ᠪᠦᠰᠡ ᠳᠡᠭᠡᠷ᠎ᠡ ᠭᠠᠷ ᠤᠨ ᠦᠰᠦᠭ ᠵᠢᠷᠤᠵᠤ᠂ ᠠᠮᠤᠷ ᠲᠦᠪᠰᠢᠨ ᠤ ᠠᠮᠠᠯᠠᠯᠲᠠ ᠶᠢᠨ ᠭᠠᠷ ᠤᠨ ᠦᠰᠦᠭ ᠵᠢᠷᠤᠵᠠᠢ᠃ ᠬᠤᠶᠢᠰᠢᠳᠠ ᠬᠤᠶᠠᠷ ᠲᠠᠯ᠎ᠠ ᠪᠠᠷ ᠢᠶᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠲᠤ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃
     ᠡᠨᠡ ᠵᠢᠯ ᠤᠨ 6 ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠣᠨ᠎ᠠ᠂ ᠭᠤᠣᠯ ᠰᠡᠳᠦᠪ ᠪᠣᠯ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ —ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠪᠣᠯᠣᠨ᠎ᠠ᠃ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠬᠤᠲᠣᠩ ᠠᠷᠠᠳ ᠤᠨ ᠲᠣᠭᠤᠷᠢᠭ ᠤᠨ  ᠬᠢᠨ ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠠᠮᠤᠷ ᠲᠦᠪᠰᠢᠨ ᠤ ᠬᠢᠨᠠᠨ ᠵᠢᠯᠤᠭᠤᠳᠴᠤ ᠪᠠᠶᠢᠴᠠᠭᠠᠬᠤ ᠵᠡᠷᠭᠡ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠳᠤ ᠠᠮᠢ ᠨᠠᠰᠤᠨ ᠤ ᠵᠠᠮ ᠤᠨ ᠲᠡᠮᠳᠡᠭ ᠤᠨ ᠠᠭᠤᠯᠭ᠎ᠠ ᠪᠠ ᠢᠯᠭᠠᠨ ᠲᠠᠨᠢᠬᠤ ᠠᠷᠭ᠎ᠠ ᠶᠢ ᠲᠦᠭᠡᠮᠡᠯᠵᠢᠭᠦᠯᠵᠦ᠂ ᠤᠯᠠᠨ ᠨᠡᠶᠢᠲᠡ ᠳᠤ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠮᠡᠳᠡᠯᠭᠡ ᠪᠠ ᠤᠷ᠎ᠠ ᠴᠢᠳᠠᠪᠤᠷᠢ ᠶᠢ ᠣᠶᠢᠯᠠᠭᠠᠭᠤᠯᠬᠤ ᠶᠢᠨ ᠬᠠᠮᠲᠤ ᠡᠵᠡᠮᠰᠢᠭᠦᠯᠵᠦ᠂ ᠤᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠦᠬᠦ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号