ᠬᠤᠲᠣᠩ ᠠᠷᠠᠳ ᠶᠢᠨ ᠲᠣᠭᠤᠷᠢᠭ ᠲᠦᠷᠦᠭᠦᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠢ ᠤᠷᠢᠨ ᠲᠣᠮᠢᠯᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/4
      5 ᠰᠠᠷ᠎ᠠ ᠶᠢᠨ 31 ᠤ ᠡᠳᠦᠷ᠂ ᠬᠤᠲᠣᠩ ᠠᠷᠠᠳ ᠤᠨ ᠲᠣᠭᠤᠷᠢᠭ ᠲᠦᠷᠦᠭᠦᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠢ ᠤᠷᠢᠨ ᠲᠣᠮᠢᠯᠠᠬᠤ ᠶᠡᠭᠡ ᠬᠤᠷᠠᠯ ᠬᠤᠷᠠᠯᠳᠤᠭᠤᠯᠪᠠ᠃
     ᠤᠷᠢᠨ ᠲᠣᠮᠢᠯᠠᠬᠤ ᠶᠡᠭᠡ ᠬᠤᠷᠠᠯ ᠳᠡᠭᠡᠷ᠎ᠡ᠂ ᠲᠦᠷᠦᠭᠦᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠣᠪᠣᠷ ᠢᠶᠠᠨ ᠢᠯᠡᠳᠬᠡᠬᠦ ᠦᠭᠡ ᠬᠡᠯᠡᠵᠦ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ ᠡᠷᠬᠢᠯᠡᠭᠴᠢ ᠶᠠᠩ ᠭᠤᠸᠠᠩ ᠯᠦ᠂ ᠡᠯᠢᠭᠡ ᠳᠡᠯᠢᠭᠦᠨ ᠤ ᠭᠠᠳᠠᠷ ᠰᠠᠯᠠᠭᠠᠨ ᠤ ᠳᠡᠳ᠋ ᠡᠷᠬᠢᠯᠡᠭᠴᠢ ᠵᠣᠣ ᠵᠢᠶᠠᠨ ᠭᠦᠸᠧ᠂ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭᠠᠨ ᠤ ᠡᠷᠬᠢᠯᠡᠭᠴᠢ ᠡᠮᠴᠢ ᠨᠢᠶᠧ ᠬᠤᠶ ᠵᠢᠤᠸᠠᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠤᠯᠠᠭᠠᠨ᠂ ᠾᠧᠩ ᠰᠢᠨ ᠴᠠᠩ ᠴᠧᠩ ᠤᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠰᠢᠦᠢ ᠪᠥᠸᠧ ᠵᠡᠷᠭᠡ ᠬᠥᠮᠥᠰ ᠲᠤ ᠤᠷᠢᠯᠭ᠎ᠠ ᠶᠢᠨ ᠪᠢᠴᠢᠭ ᠭᠠᠷᠳᠠᠭᠤᠯᠪᠠ᠃
     ᠣᠶᠢᠯᠠᠭᠠᠭᠰᠠᠨ ᠢᠶᠠᠷ᠂ 2 ᠳ᠋ᠤᠭᠠᠷ ᠰᠠᠷ᠎ᠠ ᠳᠤ ᠪᠥᠬᠦ ᠲᠣᠭᠤᠷᠢᠭ ᠤᠨ ᠠᠩᠬᠠᠳᠠᠭᠴᠢ ᠪᠦᠯᠦᠭ ᠲᠦᠷᠦᠭᠦᠤ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠪᠠᠶᠢᠭᠤᠯᠤᠭᠳᠠᠭᠰᠠᠨ ᠠᠴᠠ ᠨᠠᠭᠠᠰᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠶᠢᠨ ᠡᠮ ᠡᠮᠨᠡᠯᠭᠡ ᠶᠢᠨ ᠪᠠᠶᠢᠴᠠᠭᠠᠯᠲᠠ ᠶᠢᠨ ᠵᠥᠪᠯᠡᠯ᠂ ᠬᠤᠲᠣᠩ ᠠᠷᠠᠳ ᠤᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠡᠷᠭᠡ ᠨᠢᠭᠡᠴᠢ ᠶᠢᠨ ᠬᠦᠴᠦᠲᠡᠢ ᠳᠡᠮᠵᠢᠯᠭᠡ ᠶᠢ ᠣᠯᠵᠤ᠂ ᠡᠨᠡ ᠬᠦ ᠠᠵᠢᠯ ᠢ ᠤᠷᠤᠭᠰᠢᠲᠠᠢ ᠥᠷᠨᠢᠭᠦᠯᠪᠡ᠃ ᠤᠷᠢᠭᠳᠠᠭᠰᠠᠨ 70 ᠲᠤᠰᠬᠠᠢ ᠮᠡᠷᠭᠡᠵᠢᠯᠲᠡᠨ ᠪᠣᠯ ᠡᠮ ᠡᠮᠨᠡᠯᠭᠡ᠂ ᠮᠥᠩᠭᠦᠨ ᠭᠦᠢᠯᠭᠡᠭᠡ᠂ ᠪᠠᠷᠢᠯᠭ᠎ᠠ ᠶᠢᠨ ᠠᠵᠢᠯ᠂ ᠬᠠᠤᠯᠢ ᠴᠠᠭᠠᠵᠠ᠂ ᠰᠤᠷᠭᠠᠨ ᠬᠥᠮᠦᠵᠢᠯ᠂ ᠭᠠᠷ ᠳᠠᠮᠵᠢᠭᠰᠠᠨ ᠮᠠᠰᠢᠨ ᠲᠡᠷᠭᠡ᠂ ᠠᠳᠠᠯ ᠠᠬᠤᠢ ᠵᠡᠷᠭᠡ 8 ᠶᠡᠭᠡ ᠬᠦᠷᠢᠶᠡᠨ ᠤ ᠣᠬᠢ ᠰᠣᠳᠣ ᠴᠣᠬᠤᠢ ᠪᠣᠯᠣᠨ᠎ᠠ᠂ ᠲᠡᠳᠡ ᠲᠤᠰ ᠲᠤᠰ ᠤᠨ ᠬᠦᠷᠢᠶᠡᠨ  ᠳᠤ ᠪᠠᠨ ᠬᠢᠴᠢᠶᠡᠩᠭᠦᠢ ᠪᠠᠷ ᠠᠵᠢᠯᠯᠠᠬᠤ ᠪᠠᠷ ᠪᠠᠷᠠᠬᠤ ᠦᠭᠡᠢ᠂ ᠪᠠᠰᠠ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠬᠤᠲᠣᠩ ᠠᠷᠠᠳ ᠤᠨ ᠲᠣᠭᠤᠷᠢᠭ ᠤᠨ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠤᠲᠠᠯᠠᠯᠲᠠ ᠬᠢᠬᠦ ᠵᠡᠷᠭᠡ ᠠᠵᠢᠯ ᠳᠤ ᠢᠳᠡᠪᠬᠢᠲᠡᠢ ᠣᠷᠣᠯᠴᠠᠵᠤ᠂ ᠬᠤᠲᠣᠩ ᠠᠷᠠᠳ ᠤᠨ ᠲᠣᠭᠤᠷᠢᠭ ᠤᠨ 43 ᠲᠦᠮᠡᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠪᠡᠶ᠎ᠡ ᠪᠠᠷ ᠢᠶᠠᠨ ᠦᠢᠯᠡᠴᠢᠯᠡᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠳᠤ ᠪᠦᠲᠦᠮᠵᠢᠲᠡᠢ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠤᠯᠠᠨ ᠲᠦᠮᠡᠨ ᠢ ᠬᠠᠪᠰᠤᠷᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠵᠦ᠂ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠪᠠ᠃      ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠬᠢᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠰᠢᠢᠳᠪᠦᠷᠢᠯᠡᠬᠦ ᠪᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠠᠬᠢᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ ᠤᠨ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠠᠭᠠᠷᠠᠭᠰᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ ᠬᠤᠪᠢ ᠨᠡᠮᠡᠷᠢ ᠦᠵᠡᠭᠦᠯᠦᠨ᠎ᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号