ᠬᠤᠲᠣᠩ ᠠᠷᠠᠳ ᠶᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠤᠨ ᠤ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/5
      ᠵᠤᠨ ᠤ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠣᠷᠭᠢᠯ ᠤᠨ ᠬᠤᠭᠤᠴᠠᠭ᠎ᠠ ᠶᠢ ᠪᠦᠲᠦᠮᠵᠢᠲᠡᠢ ᠠᠷᠭᠠᠴᠠᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠭᠠᠨ᠂ ᠢᠳᠡᠭᠡᠨ ᠤ ᠬᠤᠣᠷᠳᠠᠯᠭ᠎ᠠ ᠪᠠ ᠢᠳᠡᠭᠡᠨ ᠤ ᠢᠷᠡᠯᠲᠡ ᠶᠢᠨ ᠴᠢᠨᠠᠷᠲᠠᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ᠬᠤᠲᠣᠩ ᠠᠷᠠᠳ ᠶᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠤᠨ ᠤ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠤᠰᠬᠠᠢ ᠵᠦᠢᠯ ᠤᠨ ᠪᠠᠶᠢᠴᠠᠭᠠᠯᠲᠠ ᠥᠷᠨᠢᠭᠦᠯᠪᠡ᠃
     ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠭᠤᠣᠯᠳᠠᠭᠤ ᠵᠣᠨ ᠤ ᠤᠯᠠᠷᠢᠯ ᠤᠨ ᠢᠳᠡᠭᠡᠨ ᠤᠮᠳᠠᠭᠠᠨ ᠤ ᠢᠳᠡᠭᠡᠨ ᠤ ᠠᠮᠠᠷᠬᠠᠨ ᠢᠯᠵᠠᠷᠠᠵᠤ ᠴᠢᠨᠠᠷ ᠬᠤᠪᠢᠷᠠᠬᠤ᠂ ᠴᠠᠭ ᠤᠯᠠᠷᠢᠯ ᠤᠨ ᠴᠢᠨᠠᠷ ᠢᠶᠠᠷ ᠴᠢᠩᠭ᠎ᠠ ᠵᠡᠷᠭᠡ ᠣᠨᠴᠠᠯᠢᠭ ᠲᠤ ᠴᠢᠭᠯᠡᠭᠦᠯᠦᠨ᠂ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠣᠨ ᠪᠦᠰᠡ᠂ ᠳᠤᠮᠳᠠ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠪᠠᠭᠤᠳᠠᠯ᠂ ᠵᠠᠬᠢᠶᠠᠯᠠᠭ᠎ᠠ ᠶᠢᠨ ᠭᠠᠵᠠᠷ ᠵᠡᠷᠭᠡ ᠬᠠᠮᠲᠤ ᠶᠢᠨ ᠴᠤᠭᠯᠠᠷᠠᠨ ᠬᠤᠭᠤᠯᠠᠯᠠᠬᠤ ᠨᠢᠭᠡᠴᠢ ᠶᠢᠨ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠰᠢᠯᠭᠠᠨ ᠠᠪᠬᠤ᠂ ᠭᠡᠷᠡᠴᠢ ᠪᠠᠷᠢᠮᠲᠠ ᠠᠪᠬᠤ᠂ ᠡᠳ᠋ᠰᠢᠭᠦᠯᠦᠨ ᠠᠷᠢᠭᠤᠳᠬᠠᠬᠤ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ᠂ ᠢᠳᠡᠭᠡᠨ ᠬᠠᠳᠠᠭᠠᠯᠠᠬᠤ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠪᠠᠶᠢᠳᠠᠯ ᠤᠨ ᠲᠣᠭᠤᠷᠢᠨ ᠳᠤ᠂ ᠡᠵᠡᠩᠨᠡᠯᠲᠡ ᠶᠢᠨ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠣᠯᠵᠤ ᠮᠡᠳᠡᠪᠡᠯ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃      ᠣᠳᠣᠬᠠᠨ ᠪᠣᠯᠲᠠᠯ᠎ᠠ᠂ ᠢᠳᠡᠭᠡᠨ ᠤᠮᠳᠠᠭᠠᠨ ᠤ ᠨᠢᠭᠡᠴᠢ ᠶᠢ ᠨᠡᠶᠢᠲᠡ 33 ᠤᠳᠠᠭ᠎ᠠ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ 9 ᠭᠠᠵᠠᠷ ᠴᠡᠭᠴᠡᠯᠡᠨ ᠰᠠᠶᠢᠵᠢᠷᠠᠭᠤᠯᠵᠤ᠂ ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ ᠪᠢᠴᠢᠭ 3 ᠬᠤᠪᠢ ᠪᠠᠭᠤᠯᠭᠠᠵᠤ᠂ 2 ᠭᠡᠷ ᠢ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ ᠲᠠᠷᠠᠭᠠᠴᠢ ᠶᠢᠨ ᠠᠯᠬᠤᠮ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠷᠠᠳ ᠣᠯᠠᠨ ᠤ ᠵᠣᠨ ᠤ ᠤᠯᠠᠷᠢᠯ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号