ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ 230 ᠭᠤᠣᠯᠳᠠᠯᠭ᠎ᠠ ᠲᠠᠢ ᠨᠢᠭᠡᠴᠢ ᠶᠢᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠳᠤ ᠪᠣᠯᠪᠠᠰᠤᠷᠠᠯ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/6/5
      ᠬᠠᠷᠢᠶᠠᠲᠤ ᠣᠷᠣᠨ ᠤ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠨᠡᠶᠢᠭᠡᠮ ᠨᠢᠭᠡᠴᠢ ᠶᠢᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠪᠦᠷᠢᠯᠳᠦᠭᠦᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠵᠢᠴᠢ ᠭᠠᠯ ᠤᠨ ᠠᠶᠤᠯ ᠢ ᠰᠡᠷᠭᠡᠶᠢᠯᠡᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ︽ᠰᠠᠭᠤᠷᠢ ᠲᠠᠯᠪᠢᠵᠤ᠂ ᠬᠡᠪ ᠴᠢᠨᠠᠷ ᠢᠶᠠᠨ ᠴᠢᠩᠭᠠᠳᠬᠠᠬᠤ︾ ᠠᠵᠢᠯ ᠤᠨ ᠬᠠᠷᠠᠯᠲᠠ ᠶᠢ ᠪᠠᠷᠢᠮᠲᠠᠯᠠᠵᠤ ᠬᠠᠷᠢᠶᠠᠲᠤ ᠣᠷᠣᠨ ᠤ 230 ᠭᠤᠣᠯᠳᠠᠯᠭ᠎ᠠ ᠲᠠᠢ ᠨᠢᠭᠡᠴᠢ ᠶᠢᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠳᠤ ᠪᠣᠯᠪᠠᠰᠤᠷᠠᠭᠤᠯᠤᠯ ᠵᠢᠭᠠᠨ ᠵᠢᠯᠣᠭᠤᠳᠪᠠ᠃
     ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠡᠭᠦᠷᠭᠡ ᠶᠢᠨ ᠣᠨᠴᠠᠯᠢᠭ ᠶᠣᠰᠣᠭᠠᠷ᠂ ᠠᠮᠤᠷ ᠲᠦᠪᠰᠢᠨ ᠤ ᠳᠦᠷᠢᠮ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠬᠤᠪᠴᠠᠰᠤᠯᠠᠯ ᠤᠨ ᠱᠠᠭᠠᠷᠳᠠᠯᠭ᠎ᠠ ᠵᠢᠴᠢ ᠪᠠᠭᠠᠵᠢ ᠬᠡᠷᠡᠭᠰᠡᠯ ᠢ ᠬᠡᠷᠡᠭᠯᠡᠬᠦ ᠵᠡᠷᠭᠡ ᠬᠡᠳᠦᠨ ᠲᠠᠯ᠎ᠠ ᠪᠠᠷ ᠬᠠᠷᠢᠶᠠᠲᠤ ᠣᠷᠣᠨ ᠤ ᠭᠤᠣᠯᠳᠠᠯᠭ᠎ᠠ ᠲᠠᠢ ᠨᠢᠭᠡᠴᠢ ᠶᠢᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠭᠡᠰᠢᠭᠦᠳ ᠲᠤ ᠪᠣᠯᠪᠠᠰᠤᠷᠠᠭᠤᠯᠤᠯ ᠬᠢᠵᠦ᠂ ᠡᠭᠦᠨ ᠳᠤ ᠡᠳᠦᠷ ᠲᠤᠲᠤᠮ ᠤᠨ ᠳᠠᠯᠳᠠ ᠬᠡᠮ ᠢ ᠬᠡᠷᠬᠢᠨ ᠵᠢᠭᠰᠠᠭᠠᠨ ᠪᠠᠶᠢᠴᠠᠭᠠᠬᠤ᠂ ᠭᠠᠯ ᠤᠨ ᠲᠠᠯᠠᠪᠠᠶ ᠳᠤ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠢᠴᠢ ᠬᠥᠮᠥᠰ ᠢ ᠲᠠᠷᠬᠠᠭᠠᠬᠤ᠂ ᠤᠰᠤᠨ ᠪᠦᠰᠡ ᠶᠢᠨ ᠬᠤᠯᠪᠣᠬᠤ ᠤᠷ᠎ᠠ ᠮᠡᠷᠭᠡᠵᠢᠯ ᠵᠢᠴᠢ ᠳᠡᠪᠢᠰᠬᠦ ᠠᠷᠭ᠎ᠠ᠂ ᠭᠠᠯ ᠤᠨᠲᠠᠷᠠᠭᠠᠭᠤᠷ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠢᠴᠢ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠨᠢᠭᠡᠴᠢ ᠶᠢᠨ ᠬᠥᠮᠥᠰ ᠢ ᠵᠣᠬᠢᠶᠠᠨ ᠪᠠᠶᠢᠭᠤᠯᠤᠨ ᠪᠣᠳᠠᠲᠠᠢ ᠠᠵᠢᠯᠯᠠᠵᠤ᠂ ᠲᠤᠬᠠᠢ ᠶᠢᠨ ᠲᠠᠯᠠᠪᠤᠷ ᠲᠤ ᠭᠡᠰᠢᠭᠦᠳ ᠤᠨ ᠠᠵᠢᠯ ᠤᠨ ᠬᠤᠪᠢᠶᠠᠷᠢᠯᠠᠯ ᠤᠨ ᠪᠠᠶᠢᠳᠠᠯ ᠢ ᠠᠰᠠᠭᠤᠵᠤ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠣᠳᠠᠲᠠᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠨᠢᠭᠡᠴᠢ ᠶᠢᠨ ᠪᠢᠴᠢᠯ ᠬᠡᠯᠪᠡᠷᠢ ᠶᠢᠨ ᠥᠷᠲᠡᠭᠡ ᠳᠤ ᠤᠰᠤ᠂ ᠴᠠᠬᠢᠯᠭᠠᠨ ᠤ ᠠᠵᠢᠯᠲᠠᠨ ᠪᠠᠶᠢᠬᠤ ᠡᠰᠡᠬᠦ ᠵᠡᠷᠭᠡ ᠪᠠᠶᠢᠳᠠᠯ ᠢ ᠪᠠᠶᠢᠴᠠᠭᠠᠪᠠ᠃
     ᠳᠠᠷᠠᠭ᠎ᠠ ᠨᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠨᠢᠭᠡᠴᠢ ᠶᠢᠨ ᠪᠣᠳᠠᠲᠤ ᠪᠠᠶᠢᠯᠳᠤᠭᠠᠨ ᠤ ᠲᠤᠷᠰᠢᠯᠭ᠎ᠠ ᠬᠦᠷᠦᠯᠴᠡᠬᠦ ᠦᠭᠡᠢ ᠪᠠᠶᠢᠬᠤ ᠳᠤᠲᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠤᠬᠠᠢ ᠶᠢᠨ ᠲᠠᠯᠠᠪᠤᠷ ᠲᠤ ᠨᠢᠭᠡᠴᠢ ᠶᠢᠨ ᠪᠢᠴᠢᠯ ᠭᠠᠯ ᠤᠨᠲᠠᠷᠠᠭᠠᠬᠤ ᠥᠷᠲᠡᠭᠡ ᠶᠢ ᠳᠠᠶᠢᠴᠢᠯᠠᠵᠤ᠂ ᠨᠢᠭᠡᠴᠢ ᠳᠤ ᠭᠠᠯ ᠤᠨ ᠪᠠᠶᠢᠳᠠᠯ ᠭᠠᠷᠬᠤ ᠶᠢ ᠳᠠᠭᠤᠷᠢᠶᠠᠪᠠ᠂ ᠲᠤᠬᠠᠢ ᠶᠢᠨ ᠲᠠᠯᠠᠪᠤᠷ ᠲᠤ ᠪᠢᠴᠢᠯ ᠬᠡᠯᠪᠡᠷᠢ ᠶᠢᠨ ᠥᠷᠲᠡᠭᠡ ᠶᠢᠨ ᠭᠡᠰᠢᠭᠦᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠰᠢᠨᠵᠢᠯᠡᠨ ᠪᠠᠶᠢᠴᠠᠭᠠᠵᠤ᠂ ᠡᠵᠡᠮᠳᠡᠬᠦ ᠲᠠᠰᠤᠭ ᠤᠨ ᠵᠢᠵᠢᠭᠦᠷᠯᠡᠭᠴᠢ ᠲᠠᠢ ᠬᠠᠷᠢᠯᠴᠠᠬᠤ᠂ ᠴᠢᠮᠡᠭᠯᠡᠬᠦ ᠬᠤᠷᠳᠤᠴᠠ᠂ ᠬᠥᠮᠥᠰ ᠢ ᠲᠠᠷᠬᠠᠭᠠᠬᠤ ᠲᠠᠰ ᠳᠠᠷᠠᠭᠠᠯᠠᠯ ᠵᠡᠷᠭᠡ ᠲᠠᠯ᠎ᠠ ᠪᠠᠷ ᠡᠮᠬᠢᠯᠡᠨ ᠳᠢᠭᠯᠡᠭᠰᠡᠨ ᠪᠥᠭᠡᠳ ᠬᠦᠷᠦᠯᠴᠡᠬᠦ ᠦᠭᠡᠢ ᠲᠠᠯ᠎ᠠ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠲᠣᠰ ᠤᠳᠠᠭᠠᠨ ᠤ ᠰᠣᠷᠢᠯᠲᠠ ᠳᠤ ᠲᠣᠪᠴᠢ ᠦᠨᠡᠯᠡᠯᠲᠡ ᠬᠢᠭᠰᠡᠨ ᠪᠥᠭᠡᠳ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ︵ᠴᠢᠮᠡᠭᠡᠯᠡᠭᠴᠢ᠄ ᠿᠧᠨ ᠼᠠᠢ ᠹᠧᠩ︶      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号