ᠵᠧᠨ ᠬᠤᠸᠠ ᠠᠭᠤᠳᠠᠮ ᠲᠠᠯᠠᠪᠠᠢ ᠪᠣᠯᠣᠨ ᠰᠢᠨᠬᠤᠸᠠ MALL ᠭᠠᠵᠠᠷ ᠳᠣᠣᠷᠠᠬᠢ ᠲᠡᠷᠭᠡᠨ ᠵᠣᠭᠰᠣᠭᠠᠯ ᠢ ᠪᠦᠬᠦ ᠲᠠᠯ᠎ᠠ ᠪᠠᠷ ᠨᠠᠪᠲᠠᠷᠡᠭᠦᠯᠵᠦ᠂ 600 ᠭᠠᠷᠤᠢ ᠲᠡᠷᠭᠡ ᠵᠤᠭᠰᠤᠭᠠᠬᠤ ᠪᠠᠶᠢᠷᠢ ᠪᠣᠢ ᠪᠣᠯᠭᠠᠪᠠ
ᠨᠡᠶᠢᠲᠡᠯᠡᠭᠰᠡᠨ ᠴᠠᠭ᠄
2024/6/5
      6 ᠰᠠᠷ᠎ᠠ ᠶᠢᠨ 1 ᠤ ᠡᠳᠦᠷ᠂ ᠵᠧᠨ ᠬᠤᠸᠠ ᠠᠭᠤᠳᠠᠮ ᠲᠠᠯᠠᠪᠠᠢ ᠨᠢ ᠰᠢᠨᠬᠤᠸᠠ MALL ᠭᠠᠵᠠᠷ ᠳᠣᠣᠷᠠᠬᠢ ᠲᠡᠷᠭᠡᠨ ᠵᠣᠭᠰᠣᠭᠠᠯ ᠢ ᠪᠦᠬᠦ ᠲᠠᠯ᠎ᠠ ᠪᠠᠷ ᠨᠡᠪᠲᠡᠷᠡᠵᠦ᠂ 600 ᠭᠠᠷᠤᠢ ᠲᠡᠷᠭᠡᠨ ᠵᠣᠭᠰᠣᠭᠠᠯ ᠰᠤᠯᠠᠯᠠᠵᠤ᠂ ᠠᠵᠢᠯᠯᠠᠵᠤ᠂ ᠵᠡᠭᠡᠯᠢ ᠲᠣᠭᠤᠷᠢᠵᠤ᠂ ᠠᠮᠲᠠᠲᠤ ᠢᠳᠡᠭᠡᠨ ᠠᠮᠲᠠᠯᠠᠵᠤ᠂ ᠲᠡᠷᠭᠡ ᠵᠣᠭᠰᠣᠬᠤ ᠣᠷᠣ ᠡᠷᠢᠵᠦ ᠣᠯᠬᠤ ᠦᠭᠡᠢ ᠠᠴᠠ ᠵᠣᠪᠠᠭ᠋ᠤ ᠬᠡᠷᠡᠭ ᠦᠭᠡᠢ ᠪᠣᠯᠵᠠᠢ᠃
     ᠪᠦᠬᠦ ᠲᠠᠯᠠᠪᠠᠢ ᠳᠤ ᠭᠠᠳᠠᠭᠠᠳᠤ ᠠᠴᠠ ᠣᠷᠣᠬᠤ ᠡᠭᠦᠳᠡ 5᠂ ᠭᠠᠷᠬᠤ ᠡᠭᠦᠳᠡ 6 ᠪᠠᠶᠢᠬᠤ ᠨᠢ  ᠵᠦᠩ ᠱᠠᠨ ᠵᠠᠮ ᠤᠨ ᠲᠡᠷᠭᠡ ᠵᠣᠭᠰᠤᠭᠠᠬᠤ ᠳᠤ ᠬᠦᠴᠢᠷ ᠪᠠᠶᠢᠬᠤ ᠠᠰᠠᠭᠤᠳᠠᠯ ᠢ ᠲᠤᠶᠢᠯ ᠤᠨ ᠶᠡᠭᠡ ᠪᠠᠷ ᠨᠠᠮᠳᠠᠭᠤᠯᠵᠤ᠂ ᠨᠡᠪᠲᠡᠷᠡᠭᠰᠡᠨ ᠤ ᠳᠠᠷᠠᠭ᠎ᠠ ᠬᠤᠶᠠᠷ ᠬᠤᠳᠠᠯᠳᠤᠭᠠᠨ ᠤ ᠲᠠᠯᠠᠪᠤᠷ ᠨᠢ ᠤᠯᠠᠭᠠᠨᠴᠢᠲ ᠪᠠᠷᠠᠭᠤᠨ ᠵᠡᠭᠡᠯᠢ ᠶᠢᠨ ᠵᠠᠰᠠᠮᠠᠯ ᠵᠠᠮ ᠢ ᠬᠥᠨᠳᠡᠯᠡᠨ ᠭᠡᠲᠦᠯᠬᠦ ᠴᠢᠬᠤᠯᠠ ᠦᠭᠡᠢ᠂ ᠬᠠᠷᠢᠨ ᠰᠢᠭᠤᠳ ᠲᠡᠷᠭᠡ ᠵᠢᠯᠣᠭᠤᠳᠤᠨ ᠣᠴᠢᠵᠤ᠂ ᠳᠥᠭᠦᠮ ᠳᠥᠲᠡ ᠪᠥᠭᠡᠳ ᠠᠮᠤᠷ ᠲᠦᠪᠰᠢᠨ ᠪᠠᠶᠢᠵᠤ᠂ ᠪᠠᠰᠠ ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠵᠦ ᠪᠣᠯᠣᠨ᠎ᠠ᠃ ᠡᠭᠦᠨ ᠢᠶᠠᠷ ᠪᠠᠷᠠᠬᠤ ᠦᠭᠡᠢ᠂ ᠵᠧᠨ ᠬᠤᠸᠠ ᠠᠭᠤᠳᠠᠮ ᠲᠠᠯᠠᠪᠠᠶ᠂ ᠰᠢᠨᠬᠤᠸᠠ MALL ᠠᠩᠬ᠎ᠠ ᠤᠳᠠᠭ᠎ᠠ ᠰᠥᠨᠢ ᠪᠠᠷ ᠲᠡᠷᠭᠡ ᠵᠣᠭᠰᠤᠭᠠᠬᠤ ᠳᠦᠯᠬᠢᠨ ᠠᠬᠢᠭᠤᠯᠵᠤ᠂ ᠣᠷᠣᠢ ᠶᠢᠨ 9᠄ 00 ᠴᠠᠭ ᠠᠴᠠ ᠥᠷᠯᠥᠭᠡ ᠶᠢᠨ 9᠄ 00 ᠪᠣᠯᠲᠠᠯ᠎ᠠ᠂ ᠰᠥᠨᠢ ᠪᠠᠷ ᠴᠠᠭ ᠪᠦᠷᠢ 1 ᠲᠥᠭᠦᠷᠢᠭ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠥᠷᠳᠡᠵᠦ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠲᠡᠷᠭᠡ ᠵᠣᠭᠰᠣᠬᠤ ᠳᠤ ᠬᠦᠴᠢᠷᠲᠡᠢ ᠪᠠᠶᠢᠬᠤ ᠠᠰᠠᠭᠤᠳᠠᠯ ᠢ ᠲᠤᠶᠢᠯ ᠤᠨ ᠶᠡᠭᠡ ᠪᠠᠷ ᠰᠢᠶ᠋ᠳᠪᠦᠷᠢᠯᠡᠨ᠎ᠡ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号