︽ᠴᠠᠭᠳᠠᠭᠠᠨ ᠤ ᠬᠥᠬᠡ︾ ︽ᠡᠮᠨᠡᠯᠭᠡ ᠶᠢᠨ ᠴᠠᠭᠠᠨ︾ ᠭᠠᠷ ᠬᠤᠯᠪᠣᠨ ᠠᠮᠤᠷ ᠠᠮᠤᠭᠤᠯᠠᠩ ᠢ ᠬᠠᠮᠲᠤ ᠪᠠᠷ ᠴᠣᠭᠴᠠᠯᠠᠪᠠ
ᠨᠡᠶᠢᠲᠡᠯᠡᠭᠰᠡᠨ ᠴᠠᠭ᠄
2024/6/5
      ᠴᠠᠭᠳᠠᠭ᠎ᠠ ᠳᠤ ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠴᠠᠭᠳᠠᠭ᠎ᠠ ᠶᠢ ᠬᠠᠶᠢᠷᠠᠯᠠᠵᠤ ᠴᠠᠭᠳᠠᠭ᠎ᠠ ᠶᠢ ᠳᠤᠯᠠᠭᠠᠴᠠᠭᠤᠯᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ︽ᠴᠠᠭᠳᠠᠭ᠎ᠠ ᠡᠮᠨᠡᠯᠭᠡ︾ ᠶᠢ ᠬᠠᠮᠲᠤ ᠪᠠᠷ ᠪᠠᠶᠢᠭᠤᠯᠵᠤ ᠰᠣᠯᠢᠯᠴᠠᠬᠤ ᠡᠷᠴᠢᠮ ᠢᠶᠠᠨ ᠦᠨᠡᠨ ᠬᠦ ᠴᠢᠩᠭᠠᠳᠭᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠪᠣᠯᠣᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠳᠣᠲᠣᠷ ᠰᠠᠯᠠᠭᠠᠨ ᠤ ᠨᠢᠭᠡᠳᠦᠭᠡᠷ ᠨᠠᠮ ᠤᠨ ᠶᠡᠷᠦᠩᠬᠡᠢ ᠡᠭᠦᠷ ᠲᠠᠢ ᠭᠠᠷ ᠬᠤᠯᠪᠣᠨ ᠨᠠᠮ ᠤᠨ ᠪᠠᠶᠢᠭᠤᠯᠤᠯᠲᠠ ᠶᠢ ᠬᠠᠮᠲᠤᠷᠠᠨ ᠪᠠᠶᠢᠭᠤᠯᠵᠤ ᠬᠠᠮᠲᠤᠪᠠᠷ ᠪᠠᠶᠢᠭᠤᠯᠬᠤ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠡᠬᠢᠯᠡᠮᠡᠭᠴᠡ᠂ ᠬᠠᠷᠢᠶᠠᠲᠤ ᠡᠮᠨᠡᠯᠭᠡ ᠶᠢᠨ ᠬᠤᠷᠢᠶᠠᠨ ᠤ 30 ᠭᠠᠷᠤᠢ ᠡᠮᠨᠡᠯᠭᠡ ᠶᠢᠨ ᠠᠵᠢᠯᠲᠠᠳ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠤᠳᠬ᠎ᠠ ᠤᠷᠠᠯᠢᠭ ᠤᠨ ᠪᠦᠲᠦᠭᠡᠯ᠂ ᠨᠣᠮ ᠤᠨ ᠪᠤᠯᠤᠩ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠴᠠᠭᠳᠠᠭᠠᠨ ᠤ ᠫᠤᠤ ᠵᠡᠪᠰᠡᠭ᠂ ᠭᠠᠭᠴᠠ ᠴᠠᠭᠳᠠᠭᠠᠨ ᠤ ᠲᠣᠨᠣᠭᠯᠠᠯ ᠪᠠ ᠬᠤᠣᠷᠲᠤ ᠡᠳ᠋ ᠤᠨ ᠵᠠᠭᠪᠤᠷ ᠤᠨ ᠦᠵᠡᠭᠦᠯᠦᠯᠭᠡ ᠶᠢ ᠲᠣᠭᠤᠷᠢᠨ ᠦᠵᠡᠪᠡ᠃
     ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠴᠠᠭᠳᠠᠭ᠎ᠠ ᠡᠮᠨᠡᠯᠭᠡ ᠶᠢ ᠬᠠᠮᠲᠤ ᠪᠠᠷ ᠪᠠᠶᠢᠭᠤᠯᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠵᠤ᠂ ᠡᠮᠦᠨᠡᠬᠢ ᠬᠤᠭᠤᠴᠠᠭᠠᠨ ᠤ ᠨᠥᠬᠦᠷᠰᠡᠭ ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ︽ᠴᠠᠭᠳᠠᠭ᠎ᠠ ᠡᠮᠨᠡᠯᠭᠡ ᠶᠢ ᠬᠠᠮᠲᠤ ᠪᠠᠷ ᠪᠠᠶᠢᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠬᠤ ᠪᠠᠷ ᠲᠣᠭᠲᠠᠪᠠ᠃
     ᠳᠣᠲᠣᠭᠠᠳᠤ ᠶᠢ ᠬᠠᠮᠠᠭᠠᠯᠠᠬᠤ ᠡᠮᠴᠢᠯᠡᠭᠡᠨ ᠤ ᠭᠦᠨᠵᠡᠭᠡᠢ ᠠᠭᠤᠰᠤᠯᠴᠠᠯ ᠪᠠ ᠬᠤᠣᠰᠯᠠᠯ ᠪᠣᠯᠵᠤ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ᠂ ᠴᠠᠭᠳᠠᠭ᠎ᠠ ᠡᠮᠨᠡᠯᠭᠡ ᠶᠢᠨ ᠬᠠᠮᠲᠤᠷᠠᠯᠴᠠᠭᠠᠨ ᠤ ᠭᠦᠨᠴᠡ ᠪᠠ ᠥᠷᠭᠡᠴᠡ ᠶᠢ ᠤᠯᠠᠮ ᠨᠢᠭᠡ ᠠᠯᠬᠤᠮ ᠠᠭᠤᠳᠠᠯᠵᠤ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠬᠤᠶᠠᠷ ᠲᠠᠯ᠎ᠠ ᠶᠢᠨ ᠠᠮᠤᠷ ᠲᠦᠪᠰᠢᠨ ᠤ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢᠨ ᠠᠭᠤᠰᠤᠯᠴᠠᠯ᠂ ᠡᠩᠨᠡᠭᠡᠨ ᠤ ᠬᠠᠮᠢᠶᠠᠷᠤᠯᠲᠠ ᠶᠢᠨ ᠦᠢᠯᠡᠴᠢᠯᠡᠭᠡ ᠵᠡᠷᠭᠡ ᠬᠦᠷᠢᠶᠡᠨ ᠳᠠᠬᠢ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶ᠎ᠠ ᠵᠢᠴᠢ ᠡᠷᠬᠢᠨ ᠲᠣᠭᠤᠷᠢᠨ ᠤ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ᠂ ᠡᠮᠨᠡᠯᠭᠡ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ ᠴᠣᠬᠢᠯᠲᠠ ᠥᠭᠬᠦ᠂ ᠠᠷᠠᠳ ᠤᠨ ᠴᠠᠭᠳᠠᠭ᠎ᠠ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠴᠠᠭᠳᠠᠭ᠎ᠠ ᠡᠮᠨᠡᠯᠭᠡ ᠶᠢᠨ ᠨᠠᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠠᠷ ᠴᠢᠷᠮᠠᠶᠢᠵᠤ᠂ ᠣᠷᠣᠨ ᠤ ᠲᠥᠪ ᠲᠤ ᠨᠠᠩ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠬᠠᠷᠢᠶ᠎ᠠ ᠣᠷᠣᠨ ᠤ ᠠᠷᠠᠳ ᠣᠯᠠᠨ ᠳᠤ ᠨᠠᠩ ᠴᠢᠨᠠᠷ ᠰᠠᠶᠢᠲᠠᠢ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃
     ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠤᠷᠲᠤ ᠬᠤᠭᠤᠴᠠᠭ᠎ᠠ ᠪᠠᠷ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠪᠣᠯᠬᠤᠷ ᠠᠵᠢᠯ ᠤᠨ ᠳᠠᠷᠤᠯᠲᠠ ᠶᠡᠭᠡ᠂ ᠡᠩᠨᠡᠭᠡᠨ ᠤ ᠳᠣᠲᠣᠷᠠᠬᠢ ᠮᠠᠰᠢ ᠣᠯᠠᠨ ᠠᠷᠠᠳ ᠤᠨ ᠲᠤᠰᠠᠯᠠᠬᠤ ᠴᠠᠭᠳᠠᠭ᠎ᠠ ᠶᠢᠨ ᠪᠡᠶ᠎ᠡ ᠨᠢ ᠡᠷᠡᠭᠦᠯ ᠪᠤᠰᠤ ᠪᠠᠶᠢᠳᠠᠯ ᠳᠤ ᠣᠷᠣᠰᠢᠵᠤ᠂ ᠦᠶ᠎ᠡ ᠭᠡᠰᠢᠭᠦᠨ ᠤ ᠦᠷᠪᠢᠰᠦᠯ᠂ ᠴᠢᠰᠤᠨ ᠳᠠᠷᠤᠯᠲᠠ ᠥᠨᠳᠥᠷ᠂ ᠬᠦᠵᠦᠭᠦᠦ ᠰᠡᠭᠡᠷ ᠰᠢᠯᠵᠢᠭᠦᠯᠵᠦ ᠪᠠᠶᠢᠭ᠎ᠠ ᠡᠪᠡᠳᠴᠢᠨ᠂ ᠬᠤᠳᠣᠭᠤᠳᠤᠨ ᠤ ᠡᠪᠡᠳᠴᠢᠨ ᠵᠡᠷᠭᠡ ︽ᠠᠵᠢᠯ ᠤᠨ ᠨᠥᠯᠥᠭᠡᠨ ᠤ ᠡᠪᠡᠳᠴᠢᠨ︾ ᠣᠷᠣᠰᠢᠵᠤ ᠪᠠᠶᠢᠨ᠎ᠠ᠃ ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠶ ᠳᠤ᠂ ᠬᠠᠷᠢᠶᠠᠲᠤ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭ᠎ᠠ᠂ ᠰᠢᠩᠭᠡᠭᠡᠯᠲᠡ ᠶᠢᠨ ᠳᠣᠲᠣᠷ ᠰᠠᠯᠠᠭ᠎ᠠ᠂ ᠳᠣᠲᠣᠭᠠᠳᠤ ᠰᠢᠭᠦᠷᠡᠯ ᠤᠨ ᠰᠠᠯᠠᠭ᠎ᠠ ᠵᠡᠷᠭᠡ ᠡᠮᠴᠢᠯᠡᠭᠡᠨ ᠤ ᠳᠠᠪᠠᠭᠤᠯᠢᠭ ᠰᠠᠯᠠᠭ᠎ᠠ ᠲᠠᠰᠤᠭ ᠠᠴᠠ ᠢᠷᠡᠭᠰᠡᠨ 30 ᠭᠠᠷᠤᠢ ᠨᠠᠷᠠᠲᠤ ᠡᠮᠴᠢ ᠲᠤᠰᠬᠠᠢ ᠮᠡᠷᠭᠡᠵᠢᠯᠲᠡᠨ᠂ ᠰᠤᠪᠢᠯᠠᠭᠴᠢ ᠲᠤᠬᠠᠢ ᠶᠢᠨ ᠲᠠᠯᠠᠪᠠᠶ ᠳᠤ ᠡᠯ᠎ᠡ ᠵᠦᠢᠯ ᠤᠨ ᠡᠮᠴᠢᠯᠡᠭᠡᠨ ᠤ ᠪᠠᠶᠢᠴᠠᠭᠠᠯᠲᠠ ᠬᠢᠵᠦ ᠥᠭᠪᠡ᠃
     ᠡᠯ᠎ᠡ ᠲᠥᠷᠥᠯ ᠤᠨ ᠡᠷᠡᠭᠦᠯ ᠮᠡᠨᠳᠦ ᠶᠢᠨ ᠠᠰᠠᠭᠤᠳᠠᠯ ᠢ ᠪᠠᠶᠢᠨ ᠪᠠᠶᠢᠨ ᠬᠠᠷᠢᠭᠤᠯᠬᠤ ᠶᠢᠨ ᠬᠠᠮᠲᠤ ᠲᠡᠳᠡᠨ ᠤ ᠠᠳᠠᠯᠢ ᠪᠤᠰᠤ ᠡᠷᠡᠭᠦᠯ ᠮᠡᠨᠳᠦ ᠶᠢᠨ ᠪᠠᠶᠢᠳᠠᠯ ᠳᠤ ᠴᠢᠭᠯᠡᠭᠦᠯᠦᠨ ᠲᠤᠰᠬᠠᠢ ᠮᠡᠷᠭᠡᠵᠢᠯ ᠤᠨ ᠲᠠᠯ᠎ᠠ ᠠᠴᠠ ᠵᠣᠬᠢᠴᠠᠩᠭᠤᠢ ᠡᠮᠴᠢᠯᠡᠭᠡᠨ ᠤ ᠰᠠᠨᠠᠭᠤᠯᠭ᠎ᠠ ᠳᠤᠷᠠᠳᠴᠤ᠂ ᠡᠭᠦᠨ ᠤ ᠬᠠᠮᠲᠤ ᠪᠠᠰᠠ ᠠᠷᠠᠳ ᠤᠨ ᠲᠤᠰᠠᠯᠠᠬᠤ ᠴᠠᠭᠳᠠᠭ᠎ᠠ ᠳᠤ ᠡᠯ᠎ᠡ ᠲᠥᠷᠥᠯ ᠤᠨ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠰᠡᠷᠭᠡᠶᠢᠯᠡᠬᠦ ᠪᠠ ᠡᠮᠨᠡᠨ ᠵᠠᠰᠠᠬᠤ ᠠᠨᠠᠭᠠᠬᠤ ᠤᠬᠠᠭᠠᠨ ᠤ ᠶᠡᠷᠦ ᠶᠢᠨ ᠮᠡᠳᠡᠯᠭᠡ ᠶᠢ ᠤᠯᠠᠮᠵᠢᠯᠠᠵᠤ᠂ ᠡᠪᠡᠳᠴᠢᠨ ᠦᠭᠡᠢ ᠪᠣᠯ ᠤᠷᠢᠳᠠᠪᠠᠷ ᠰᠡᠷᠭᠡᠶᠢᠯᠡᠬᠦ ᠵᠣᠷᠢᠯᠭ᠎ᠠ ᠳᠠᠭᠠᠨ ᠬᠦᠷᠴᠡᠢ᠃
     ᠠᠯᠪᠠᠨ ᠵᠢᠷᠤᠮ ᠤᠨ ᠡᠮᠴᠢᠯᠡᠭᠡᠨ ᠤ ᠪᠦᠯᠬᠦᠮ ᠬᠠᠯᠠᠭᠤᠨ ᠰᠡᠳᠬᠢᠯ ᠢᠶᠠᠷ ᠦᠢᠯᠡᠴᠢᠯᠡᠬᠦ ᠣᠪᠣᠷ ᠪᠠ ᠨᠠᠷᠢᠯᠢᠭ ᠲᠤᠰᠬᠠᠢ ᠮᠡᠷᠭᠡᠵᠢᠯ ᠤᠨ ᠮᠡᠳᠡᠯᠭᠡ ᠪᠠᠷ ᠠᠯᠪᠠᠨ ᠤ ᠪᠠ ᠠᠷᠠᠳ ᠤᠨ ᠲᠤᠰᠠᠯᠠᠬᠤ ᠴᠠᠭᠳᠠᠭ᠎ᠠ ᠳᠤ ᠳᠣᠲᠣᠨᠣ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠲᠡᠳᠡᠨ ᠤ ᠪᠡᠶ᠎ᠡ ᠰᠡᠳᠬᠢᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠪᠡ᠃ ᠳᠣᠲᠣᠭᠠᠳᠤ ᠶᠢ ᠬᠠᠮᠠᠭᠠᠯᠠᠬᠤ ᠠᠷᠠᠳ ᠤᠨ ᠲᠤᠰᠠᠯᠠᠬᠤ ᠴᠠᠭᠳᠠᠭ᠎ᠠ ᠨᠠᠷ ᠢᠯᠡᠷᠬᠡᠶᠢᠯᠡᠬᠦ ᠳᠡᠭᠡᠨ᠂ ᠬᠤᠶᠢᠰᠢᠳᠠ ᠲᠣᠰ ᠪᠡᠶ᠎ᠡ ᠶᠢᠨ ᠡᠷᠡᠭᠦᠯ ᠮᠡᠨᠳᠦ ᠶᠢᠨ ᠤᠬᠠᠮᠰᠠᠷ ᠪᠠ ᠡᠷᠡᠭᠦᠯᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠤᠭ ᠤᠨ ᠰᠠᠶᠢᠨ ᠪᠠᠶᠢᠳᠠᠯ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠨ᠎ᠡ ᠭᠡᠵᠡᠢ᠃
     ᠴᠠᠭᠳᠠᠭ᠎ᠠ ᠡᠮᠨᠡᠯᠭᠡ ᠬᠤᠯᠪᠤᠭᠠᠯᠠᠨ ᠬᠥᠳᠡᠯᠦᠯᠴᠡᠵᠦ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠦᠨᠳᠦ ᠵᠠᠮ ᠬᠤᠯᠠ᠃ ᠬᠤᠶᠢᠰᠢᠳᠠ ᠶᠢᠨ ᠠᠵᠢᠯ ᠤᠨ ᠳᠤᠮᠳᠠ᠂ ᠬᠤᠲᠣᠩ ᠠᠷᠠᠳ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠵᠢᠯᠯᠠᠬᠤ ᠪᠠᠨ ᠲᠠᠰᠤᠷᠠᠯᠲᠠ ᠦᠭᠡᠢ ᠴᠢᠩᠭᠠᠳᠭᠠᠵᠤ᠂ ᠬᠤᠶᠠᠷ ᠲᠠᠯ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠴᠠᠭᠳᠠᠭ᠎ᠠ ᠡᠮᠨᠡᠯᠭᠡ ᠶᠢ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠡᠮ ᠡᠮᠨᠡᠯᠭᠡ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠨᠴᠢᠯ ᠴᠠᠭᠠᠨ︾ ᠪᠠ ︽ᠴᠠᠭᠳᠠᠭ᠎ᠠ ᠶᠢᠨ ᠬᠥᠬᠡ︾ ᠶᠢ ᠬᠠᠮᠲᠤᠪᠠᠷ ᠪᠠᠲᠤ ᠪᠠᠶᠢᠭᠤᠯᠤᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ    
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号