2024 ᠣᠨ ᠤ ᠪᠦᠭᠦ ᠤᠯᠤᠰ ᠤᠨ ᠬᠠᠨᠳᠤᠯᠭ᠎ᠠ ᠲᠠᠢ ᠪᠠᠷ ᠴᠡᠷᠢᠭ ᠤᠨ ᠲᠦᠷᠦᠭᠦᠴᠢ ᠡᠯᠰᠡᠬᠦ ᠠᠵᠢᠯ | ᠣᠶᠢᠷ᠎ᠠ ᠳᠤ ᠡᠯ᠎ᠡ ᠭᠠᠵᠠᠷ ᠲᠤ ᠵᠠᠯᠭᠠᠭ᠎ᠠ ᠪᠠᠷ ᠡᠬᠢᠯᠡᠪᠡ᠃ ᠡᠨᠡ ᠵᠢᠯ ᠣᠷᠣᠨ ᠨᠤᠲᠤᠭ ᠤᠨ 27 ᠶᠡᠭᠡ ᠳᠡᠭᠡᠳᠦ | ᠰᠤᠷᠭᠠᠭᠤᠯᠢ ᠠᠩᠬ᠎ᠠ ᠤᠳᠠᠭ᠎ᠠ ᠮᠠᠨ ᠤ ᠣᠷᠣᠨ ᠠᠴᠠ ᠰᠣᠷᠣᠬᠴᠢ ᠡᠯᠰᠡᠬᠦ ᠪᠣᠯᠣᠨ᠎ᠠ᠃ | 1.ᠶᠠᠭᠤ ᠶᠢ ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠭᠡᠬᠦ ᠪᠤᠢ︖ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠭᠡᠳᠡᠭ ᠨᠢ ᠪᠦᠭᠦ ᠤᠯᠤᠰ ᠤᠨ ᠡᠩ ᠤᠨ | ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠨᠢᠭᠡᠳᠦᠯᠲᠡᠢ ᠰᠢᠯᠭᠠᠯᠲᠠ ᠪᠠᠷ ᠰᠢᠯᠢᠨ ᠰᠣᠩᠭᠤᠵᠤ᠂ ᠡᠩ ᠤᠨ | ᠳᠡᠭᠡᠳᠦ ᠵᠡᠷᠭᠡ ᠶᠢᠨ ᠰᠤᠷᠭᠠᠭᠤᠯᠢ ᠳᠤ ᠲᠦᠰᠢᠭᠯᠡᠨ ᠬᠠᠨᠳᠤᠯᠭ᠎ᠠ ᠲᠠᠢ ᠬᠥᠮᠥᠵᠢᠭᠦᠯᠵᠦ᠂ ᠲᠡᠭᠦᠰᠦᠭᠰᠡᠨ ᠤ ᠳᠠᠷᠠᠭ᠎ᠠ | ᠴᠡᠷᠢᠭ ᠠᠩᠭᠢ ᠶᠢᠨ ᠵᠣᠬᠢᠬᠤ ᠲᠤᠰᠬᠠᠢ ᠮᠡᠷᠭᠡᠵᠢᠯ ᠤᠨ ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ | ᠲᠦᠷᠦᠭᠦᠴᠢᠳ ᠤᠨ ᠠᠵᠢᠯ ᠤᠨ ᠪᠠᠶᠢᠷᠢ ᠳᠤ ᠰᠢᠭᠤᠳ ᠨᠥᠬᠦᠪᠦᠷᠢᠯᠡᠵᠦ ᠠᠯᠪᠠ ᠬᠠᠭᠠᠯᠭᠠᠬᠤ ᠪᠦᠬᠦᠯᠢ ᠡᠳᠦᠷ ᠤᠨ | ᠳᠦᠷᠢᠮᠲᠦ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠶᠢ ᠵᠢᠭᠠᠵᠤ ᠪᠤᠶ᠃ | 2.ᠨᠡᠷ᠎ᠡ ᠮᠡᠳᠡᠭᠦᠯᠬᠦ ᠨᠥᠬᠦᠴᠡᠯ | ◆ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠦᠭᠦ ᠤᠯᠤᠰ ᠤᠨ ᠨᠢᠭᠡᠳᠦᠯᠲᠡᠢ | ᠰᠢᠯᠭᠠᠯᠲᠠ ᠳᠤ ᠣᠷᠤᠯᠴᠠᠬᠤ ᠳᠡᠭᠡᠳᠦ ᠵᠡᠷᠭᠡ ᠶᠢᠨ ᠳᠤᠮᠳᠠᠳᠤ ᠵᠡᠷᠭᠡ ᠶᠢᠨ ᠰᠤᠷᠭᠠᠨ ᠬᠥᠮᠦᠵᠢᠯ ᠤᠨ | ᠰᠤᠷᠭᠠᠭᠤᠯᠢ ᠠᠴᠠ ᠲᠡᠭᠦᠰᠦᠭᠰᠡᠳ ᠢ ᠡᠯᠰᠡᠨ᠎ᠡ︔ | ◆ 20 ᠨᠠᠰᠤᠨ ᠠᠴᠠ ᠬᠡᠲᠦᠷᠡᠵᠦ ᠪᠤᠯᠬᠤ ᠦᠭᠡᠢ ︵2004 ᠣᠨ ᠤ 8 ᠰᠠᠷ᠎ᠠ ᠶᠢᠨ 31 ᠤ ᠡᠳᠦᠷ ᠠᠴᠠ | ᠰᠡᠭᠦᠯᠡᠷ ᠲᠦᠷᠦᠭᠰᠡᠨ︶︔ | ◆ ᠤᠷᠤᠬᠯᠠᠭᠠᠳᠤᠢ︔ | ◆ ᠨᠠᠭᠠᠲᠤ ᠵᠠᠬ᠎ᠠ ᠳᠠᠭᠠᠨ ᠰᠠᠶᠢᠨ ᠳᠤᠷ᠎ᠠ ᠠᠴᠠ ᠪᠠᠨ ᠪᠦᠬᠦᠯᠢ 5 ᠵᠢᠯ ᠤᠨ ᠠᠯᠪᠠ ᠬᠠᠭᠠᠬᠤ ᠭᠡᠷᠡᠭᠲᠡᠢ︔ | ◆ ᠤᠯᠤᠰ ᠲᠥᠷᠥ ᠪᠠ ᠪᠡᠶ᠎ᠡ ᠮᠠᠬᠠᠪᠤᠳ ᠤᠨ ᠨᠥᠬᠦᠴᠡᠯ ᠢ ᠠᠯᠪᠠᠨ ᠵᠢᠷᠤᠮ ᠤᠨ ᠴᠡᠷᠢᠭ ᠡᠯᠰᠡᠬᠦ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | 3.ᠰᠤᠷᠤᠬᠴᠢ ᠡᠯᠰᠡᠬᠦ ᠠᠷᠭ᠎ᠠ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠡᠯᠰᠡᠬᠦ ᠠᠵᠢᠯ ᠢ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠣᠷᠣᠬᠴᠢ ᠡᠯᠰᠡᠬᠦ ᠪᠦᠭᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠭᠤᠯᠤᠨ | ᠬᠡᠷᠡᠭᠵᠢᠭᠦᠯᠵᠦ᠂ ᠲᠤᠰᠬᠠᠢ ᠮᠡᠷᠭᠡᠵᠢᠯ ᠤᠨ ᠤᠷᠢᠳᠴᠢᠯᠠᠭᠰᠠᠨ ᠪᠦᠯᠦᠭ ᠤᠨ ᠡᠯᠰᠡᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ | ᠰᠢᠯᠭᠠᠨ ᠡᠯᠰᠡᠬᠦ ᠶᠠᠪᠤᠴᠠ᠄ | ᠡᠷᠡᠮᠡᠯᠵᠡᠯ ᠲᠠᠭᠯᠠᠨ᠎ᠠ → ᠡᠲᠡᠭᠡᠳ ᠢ ᠲᠣᠭᠲᠠᠭᠠᠨ᠎ᠠ → ᠪᠡᠶ᠎ᠡ ᠶᠢᠨ ᠪᠠᠶᠢᠴᠠᠭᠠᠯᠲᠠ ᠪᠠ ᠤᠯᠤᠰ | ᠲᠥᠷᠥ ᠶᠢᠨ ᠬᠢᠨᠠᠨ ᠰᠢᠯᠭᠠᠯᠲᠠ → ᠲᠠᠩᠰᠠ ᠡᠪᠬᠡᠮᠡᠯ ᠥᠭᠴᠦ ᠡᠯᠰᠡᠨ᠎ᠡ | 4.ᠬᠥᠮᠥᠵᠢᠭᠦᠯᠬᠦ ᠠᠷᠭ᠎ᠠ | ᠬᠠᠮᠲᠤᠷᠠᠨ ᠬᠥᠮᠥᠵᠢᠭᠦᠯᠦᠨ᠎ᠡ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ 3 ᠵᠢᠯ ᠤᠨ ᠰᠤᠷᠤᠯᠭ᠎ᠠ ᠶᠢᠨ ᠳᠦᠷᠢᠮ ᠲᠠᠢ᠂ | ᠲᠡᠭᠦᠰᠦᠭᠰᠡᠨ ᠤ ᠳᠠᠷᠠᠭ᠎ᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠃ ᠲᠦᠷᠦᠭᠦᠦ | 2.5 ᠰᠤᠷᠤᠯᠭ᠎ᠠ ᠶᠢᠨ ᠵᠢᠯ ᠤᠨ ᠬᠥᠮᠦᠵᠢᠯ ᠢ ᠬᠠᠨᠳᠤᠯᠭ᠎ᠠ ᠲᠠᠢ ᠪᠠᠷ ᠬᠥᠮᠥᠵᠢᠭᠦᠯᠬᠦ ᠶᠡᠭᠡ ᠳᠡᠭᠡᠳᠦ | ᠰᠤᠷᠭᠠᠭᠤᠯᠢ ᠠᠴᠠ ᠬᠠᠷᠢᠭᠤᠴᠠᠨ᠎ᠠ᠂ ᠴᠡᠷᠢᠭ ᠠᠩᠭᠢ ᠡᠯᠰᠡᠬᠦ ᠳᠡᠭᠡᠨ ᠲᠤᠰᠬᠠᠢ ᠮᠡᠷᠭᠡᠵᠢᠯ ᠤᠨ ᠬᠢᠴᠢᠶᠡᠯ ᠤᠨ ᠵᠢᠭᠠᠨ | ᠰᠤᠷᠭᠠᠯᠲᠠ ᠶᠢᠨ ᠠᠵᠢᠯ ᠢ ᠬᠠᠮᠵᠢᠨ ᠰᠠᠶᠢᠲᠤᠷ ᠬᠢᠬᠦ ᠭᠡᠷᠡᠭᠲᠡᠢ︔ ᠰᠡᠭᠦᠯ ᠤᠨ 0.5 ᠰᠤᠷᠤᠯᠭ᠎ᠠ ᠶᠢᠨ ᠵᠢᠯ ᠳᠤ | ᠴᠡᠷᠢᠭ ᠲᠤ ᠣᠷᠣᠬᠤ ᠳᠠᠳᠤᠯᠭ᠎ᠠ ᠶᠢ ᠵᠣᠬᠢᠶᠠᠨ ᠪᠠᠶᠢᠭᠤᠯᠵᠤ᠂ ᠡᠭᠦᠨ ᠳᠤ ᠴᠡᠷᠢᠭ ᠲᠤ ᠣᠷᠣᠬᠤ ᠪᠣᠯᠪᠠᠰᠤᠷᠠᠯ ᠪᠠ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠪᠠᠭᠲᠠᠭᠠᠵᠤ᠂ ᠡᠯᠰᠡᠬᠦ ᠴᠡᠷᠢᠭ ᠠᠩᠭᠢ ᠠᠴᠠ | ᠬᠠᠷᠢᠭᠤᠴᠠᠨ᠎ᠠ᠃ | 5.ᠲᠣᠮᠢᠯᠠᠯᠲᠠ ᠪᠠ ᠬᠠᠷᠠᠭᠠᠯᠵᠠᠯ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠨᠢ ᠴᠡᠷᠢᠭ ᠲᠤ ᠣᠷᠣᠵᠤ ᠳᠠᠳᠤᠯᠭ᠎ᠠ ᠬᠢᠵᠦ | ᠳᠠᠭᠤᠰᠤᠭᠰᠠᠨ ᠤ ᠳᠠᠷᠠᠭ᠎ᠠ᠂ ᠪᠠᠶᠢᠭ᠎ᠠ ᠴᠡᠷᠢᠭ ᠠᠩᠭᠢ ᠨᠢ ᠴᠡᠷᠢᠭ ᠤᠨ ᠲᠦᠷᠦᠭᠦᠴᠢ ᠡᠯᠰᠡᠬᠦ ᠳᠤ ᠠᠩᠬ᠎ᠠ ᠤᠳᠠᠭ᠎ᠠ | ᠴᠡᠷᠢᠭ ᠤᠨ ᠲᠦᠷᠦᠭᠦᠴᠢ ᠶᠢᠨ ᠴᠡᠷᠢᠭ ᠤᠨ ᠴᠣᠯᠠ ︵ᠴᠠᠭᠳᠠᠭ᠎ᠠ ᠶᠢᠨ ᠴᠣᠯᠠ ᠪᠠᠭᠲᠠᠨ᠎ᠠ᠂ ᠳᠣᠷᠣᠭᠰᠢ ᠠᠳᠠᠯᠢ︶ | ᠣᠯᠭᠤᠬᠤ ᠵᠡᠷᠭᠡ ᠳᠡᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠡᠭᠦᠨ ᠤ ᠴᠡᠷᠢᠭ ᠤᠨ ᠴᠣᠯᠠ ᠶᠢᠨ ᠵᠡᠷᠭᠡ | ᠳᠡᠰ ᠢ ᠲᠣᠭᠲᠠᠭᠠᠵᠤ᠂ ᠴᠡᠷᠢᠭ ᠤᠨ ᠲᠦᠷᠦᠭᠦᠴᠢ ᠶᠢᠨ ᠴᠡᠷᠢᠭ ᠤᠨ ᠴᠣᠯᠠ ᠣᠯᠭᠤᠨ᠎ᠠ᠂ ᠴᠡᠷᠢᠭ ᠤᠨ ᠴᠣᠯᠠ ᠶᠢᠨ | ᠴᠠᠭ ᠬᠤᠭᠤᠴᠠᠭ᠎ᠠ ᠶᠢ ᠲᠡᠭᠦᠰᠦᠭᠰᠡᠨ ᠲᠤᠬᠠᠢ ᠶᠢᠨ ᠵᠢᠯ ᠤᠨ 9 ᠰᠠᠷ᠎ᠠ ᠶᠢᠨ 1 ᠤ ᠡᠳᠦᠷ ᠠᠴᠠ ᠡᠬᠢᠯᠡᠵᠦ ᠪᠤᠳᠤᠨ᠎ᠠ᠃ | ᠬᠠᠨᠳᠤᠯᠭ᠎ᠠ ᠲᠠᠢ ᠪᠠᠷ ᠬᠥᠮᠥᠵᠢᠭᠦᠯᠬᠦ ᠴᠡᠷᠢᠭ ᠤᠨ ᠲᠦᠷᠦᠭᠦᠴᠢ ᠳᠤ ᠴᠡᠷᠢᠭ ᠲᠤ ᠣᠷᠣᠬᠤ ᠶᠢ | ᠵᠥᠪᠰᠢᠶᠡᠷᠡᠭᠰᠡᠨ ᠠᠴᠠ ᠠᠪᠤᠭᠠᠳ ᠠᠩᠬ᠎ᠠ ᠤᠳᠠᠭ᠎ᠠ ᠴᠡᠷᠢᠭ ᠤᠨ ᠴᠣᠯᠠ ᠣᠯᠭᠤᠬᠤ ᠬᠤᠭᠤᠴᠠᠭ᠎ᠠ ᠭᠦᠷᠲᠡᠯ᠎ᠡ᠂ | ᠨᠢᠭᠡᠳᠦᠭᠡᠷ ᠣᠨ ᠤ ᠠᠯᠪᠠᠨ ᠵᠢᠷᠤᠮ ᠤᠨ ᠴᠡᠷᠢᠭ ᠤᠨ ᠪᠠᠷᠢᠮᠵᠢᠶ᠎ᠠ ᠶᠣᠰᠣᠭᠠᠷ ᠨᠡᠮᠡᠭᠦᠷᠢ ᠣᠯᠭᠤᠵᠤ᠂ ᠬᠤᠭᠤᠯᠠ | ᠤᠮᠳᠠ ᠶᠢ ᠨᠢ ᠪᠠᠲᠤᠯᠠᠨ᠂ ᠵᠣᠬᠢᠬᠤ ᠡᠮ ᠡᠮᠨᠡᠯᠭᠡ᠂ ᠳᠠᠭᠠᠳᠬᠠᠯ ᠪᠣᠯᠣᠨ ᠠᠰᠠᠷᠠᠮᠵᠢ ᠵᠡᠷᠭᠡ ᠣᠯᠭᠤᠮᠵᠢ ᠶᠢ | ᠭᠦᠷᠲᠡᠭᠡᠨ᠎ᠡ︔ ᠴᠡᠷᠢᠭ ᠤᠨ ᠲᠦᠷᠦᠭᠦᠴᠢ ᠶᠢᠨ ᠴᠡᠷᠢᠭ ᠤᠨ ᠴᠣᠯᠠ ᠣᠯᠭᠤᠭᠰᠠᠨ ᠤ ᠳᠠᠷᠠᠭ᠎ᠠ᠂ ᠴᠡᠷᠢᠭ ᠤᠨ ᠴᠣᠯᠠ ᠶᠢ | ᠡᠬᠢᠯᠡᠨ ᠪᠤᠳᠤᠬᠰᠠᠨ ᠡᠳᠦᠷ ᠠᠴᠠ ᠡᠬᠢᠯᠡᠨ ᠴᠡᠷᠢᠭ ᠤᠨ ᠲᠦᠷᠦᠭᠦᠴᠢ ᠳᠤ ᠣᠯᠭᠤᠬᠤ ᠴᠠᠯᠢᠩ ᠵᠢᠴᠢ ᠬᠤᠯᠪᠣᠭᠳᠠᠯ | ᠪᠦᠬᠦᠢ ᠬᠠᠷᠠᠭᠠᠯᠵᠠᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ | | |