ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/13
     8 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 116 ᠳ᠋ᠤᠭᠠᠷ ᠤᠳᠠᠭ᠎ᠠ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠴᠢᠬᠤᠯᠠ ᠵᠣᠬᠢᠶᠠᠯ᠂ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠣᠣ ᠶᠠᠨ ᠷᠦ᠋ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠢ ᠴᠥᠭᠡᠳᠬᠡᠬᠦ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠦᠯᠢᠶᠡᠰᠦᠯᠡᠯ ᠠᠴᠠ ᠦᠨᠡᠨ ᠬᠦ ᠮᠤᠯᠲᠤᠷᠠᠵᠤ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠤᠶᠤᠨ ᠴᠢᠳᠠᠯ ᠢᠶᠠᠷ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠲᠤᠭᠤᠰᠢᠯᠠᠭᠤᠯᠬᠤ ᠡᠨᠡᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠪᠠᠶᠢᠭᠤᠯᠭ᠎ᠠ ᠳᠤ ᠲᠦᠷᠦᠭᠦᠯᠡᠨ ᠰᠠᠶᠢᠲᠤᠷ ᠠᠳᠬᠤᠵᠤ᠂ ᠦᠨᠡᠨ ᠬᠦ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠤᠯᠠᠮ ᠨᠢᠭᠡ ᠠᠯᠬᠤᠮ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ᠃ ᠡᠯ᠎ᠡ ᠭᠠᠵᠠᠷ ᠣᠷᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠬᠦ ᠠᠵᠢᠯ ᠤᠨ ᠡᠷᠴᠢᠮ ᠢᠶᠠᠨ ᠵᠠᠪᠠᠯ ᠴᠢᠩᠭᠠᠷᠠᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠭᠤᠷᠪᠠᠳᠤᠭᠠᠷ ᠤᠯᠠᠷᠢᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠲᠣᠩ ᠠᠷᠠᠳ ᠤᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠠ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠪᠣᠳᠠᠲᠠᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠣᠬᠢᠷᠠᠭᠤᠯᠵᠤ᠂ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠨᠠᠷᠢᠨ ᠨᠢᠮᠪᠠᠢ ᠰᠠᠶᠢᠲᠤᠷ ᠬᠢᠵᠦ᠂ ᠶᠡᠭᠡ ᠬᠤᠷᠠᠯ ᠤᠨ ᠤᠷᠤᠭᠰᠢᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠶᠡᠭᠡ ᠬᠤᠷᠠᠯ ᠤᠨ ᠠᠮᠤᠷ ᠲᠦᠪᠰᠢᠨ ᠡᠮᠬᠢ ᠵᠢᠷᠤᠮ ᠲᠠᠢ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ︽ᠨᠢᠭᠡ ᠪᠢᠯᠧᠲ ᠢᠶᠠᠷ ᠦᠭᠡᠶᠢᠰᠬᠡᠬᠦ︾ ᠶᠢ ᠭᠦᠨᠵᠡᠭᠡᠶᠢᠷᠡᠭᠦᠯᠦᠨ ᠵᠢᠷᠤᠮᠵᠢᠭᠤᠯᠬᠤ ᠪᠠ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠬᠠᠮᠢᠶ᠎ᠠ ᠪᠦᠬᠦᠢ ᠶᠠᠪᠤᠳᠠᠯ ᠢ ᠬᠢᠨᠠᠨ ᠵᠥᠪᠯᠡᠵᠦ᠂ ᠬᠤᠲᠣᠩ ᠠᠷᠠᠳ ᠤᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠥᠬᠦᠵᠦ ᠰᠣᠩᠭᠤᠭᠳᠠᠭᠰᠠᠨ ᠲᠥᠯᠥᠭᠡᠯᠡᠭᠴᠢ ᠶᠢᠨ ᠵᠢᠱᠢᠭᠳᠡᠭᠴᠢ ᠶᠢ ᠰᠢᠨᠵᠢᠯᠡᠨ ᠪᠠᠶᠢᠴᠠᠭᠠᠭᠰᠠᠨ ᠪᠠᠶᠢᠳᠠᠯ᠂ ᠨᠠᠮ ᠤᠨ ᠰᠤᠷᠭᠠᠭᠤᠯᠢ ᠶᠢᠨ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠬᠦ ᠬᠠᠮᠢᠶ᠎ᠠ ᠪᠦᠬᠦᠢ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃              ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号