ᠡᠨᠡ ᠤᠳᠠᠭ᠎ᠠ ᠶᠢᠨ ᠡᠴᠢᠭᠡ ᠡᠬᠡ ᠦᠷ᠎ᠡ ᠬᠡᠦᠬᠡᠳ ᠤᠨ ᠲᠠᠮᠢᠷ ᠤᠨ ᠴᠤᠭᠯᠠᠭᠠᠨ ᠪᠠᠶᠠᠷ ᠪᠠᠶᠠᠰᠬᠤᠯᠠᠩ ᠲᠠᠢ
ᠨᠡᠶᠢᠲᠡᠯᠡᠭᠰᠡᠨ ᠴᠠᠭ᠄
2024/8/15
     ᠡᠴᠢᠭᠡ ᠡᠬᠡ ᠦᠷ᠎ᠡ ᠬᠡᠦᠬᠡᠳ ᠤᠨ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠡᠶ᠎ᠡ ᠵᠣᠬᠢᠴᠠᠯ ᠲᠠᠢ᠂ ᠢᠳᠡᠪᠬᠢᠲᠡᠢ ᠬᠡᠦᠬᠡᠳ ᠤᠨ ᠨᠥᠬᠦᠷᠰᠡᠭ ᠠᠭᠤᠷ ᠠᠮᠢᠰᠬᠤᠯ ᠢ ᠪᠣᠢ ᠪᠣᠯᠭᠠᠵᠤ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠡᠴᠢᠭᠡ ᠡᠬᠡ ᠦᠷ᠎ᠡ ᠬᠡᠦᠬᠡᠳ ‍ᠤᠨ‌‍ᠰᠤᠷᠭᠠᠨ ᠬᠥᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠭᠤᠣ ᠯᠦᠨ ᠲᠧ ᠨᠡᠶᠢᠭᠡᠮ ᠲᠣᠭᠤᠷᠢᠭ ᠲᠤ ︽ᠪᠠᠶᠠᠷ ᠬᠥᠷ  ᠢᠶᠠᠷ ᠦᠰᠦᠨ ᠪᠣᠶᠢᠵᠢᠬᠤ︾ ᠡᠴᠢᠭᠡ ᠡᠬᠡ ᠦᠷ᠎ᠡ ᠬᠡᠦᠬᠡᠳ ᠤᠨ ᠭᠡᠷ ᠪᠦᠯᠢ ᠶᠢᠨ ᠰᠣᠨᠢᠷᠬᠠᠯ ᠳᠤ ᠪᠡᠶ᠎ᠡ ᠶᠢᠨ ᠲᠠᠮᠢᠷ ᠤᠨ ᠴᠤᠭᠯᠠᠭᠠᠨ ᠬᠢᠪᠡ᠃
           ᠬᠠᠮᠲᠤ ᠪᠠᠷ ᠨᠠᠭᠠᠳᠶ᠎ᠠ! ᠡᠨᠡ ᠤᠳᠠᠭᠠᠨ ᠤ ᠡᠴᠢᠭᠡ ᠡᠬᠡ ᠦᠷ᠎ᠡ ᠬᠡᠦᠬᠡᠳ ᠤᠨ ᠲᠠᠮᠢᠷ ᠤᠨ ᠴᠤᠭᠯᠠᠭᠠᠨ ᠳᠤ ᠪᠠᠶᠠᠷ ᠪᠠᠶᠠᠰᠬᠤᠯᠠᠩᠲᠤ ᠰᠠᠷᠠᠪᠴᠢ ᠶᠢᠨ ᠬᠠᠮᠢᠶ᠎ᠠ ᠪᠦᠬᠦᠢ ᠵᠢᠷᠤᠭ            ᠪᠡᠶ᠎ᠡ ᠲᠠᠮᠢᠷ ᠤᠨ ᠴᠤᠭᠯᠠᠭᠠᠨ ᠳᠤ ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠴᠢ ᠪᠡᠶ᠎ᠡ ᠲᠠᠮᠢᠷ ᠤᠨ ᠴᠤᠭᠯᠠᠭᠠᠨ ᠤ ᠶᠠᠪᠤᠴᠠ᠂ ᠲᠣᠭᠯᠠᠭᠠᠮ ᠤᠨ ᠳᠦᠷᠢᠮ᠂ ᠱᠠᠩᠨᠠᠯ ᠤᠨ ᠵᠦᠢᠯᠡᠰ ᠤᠨ ᠪᠠᠶᠢᠷᠢᠯᠠᠭᠤᠯᠤᠯᠲᠠ ᠵᠢᠴᠢ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠵᠤ᠂ ᠭᠡᠷ ᠪᠦᠯᠢ ᠨᠢᠭᠡᠪᠦᠷᠢ ᠴᠥᠮ ᠢᠳᠡᠪᠬᠢᠲᠡᠢ ᠣᠷᠣᠯᠴᠠᠬᠤ ᠶᠢ ᠦᠨᠡᠨ ᠬᠦ ᠪᠠᠲᠤᠯᠠᠭᠰᠠᠨ ᠪᠥᠭᠡᠳ ︽ᠪᠦᠲᠦᠭᠡᠯᠴᠢ ᠰᠡᠳᠬᠢᠮᠵᠢ ᠪᠠᠷ ᠭᠠᠷ ᠤᠨ ᠥᠰᠥᠭ ᠵᠢᠷᠤᠬᠤ︾᠂ ︽ᠪᠠᠶᠠᠷ ᠬᠥᠷ ᠲᠠᠢ ᠣᠳᠣᠨ ᠭᠠᠷᠠᠭ︾᠂ ︽ᠲᠠ ᠮᠢᠨᠤ ᠲᠤᠰᠤᠯᠲᠠ︾᠂ ︽ᠬᠤᠶᠠᠷ ᠬᠥᠮᠥᠨ ᠤ ᠳᠡᠭᠡᠰᠦ ᠦᠰᠦᠷᠬᠦ︾ ᠪᠠ ︽ᠶᠠᠩᠵᠤ ᠬᠡᠯᠪᠡᠷᠢ ᠶᠢᠨ ᠰᠤᠷ ᠬᠠᠷᠪᠤᠬᠤ︾ ᠵᠡᠷᠭᠡ ᠲᠥᠷᠥᠯ ᠵᠦᠢᠯ ᠢ ᠨᠠᠷᠢᠨ ᠨᠢᠮᠪᠠᠢ ᠲᠥᠯᠥᠪᠯᠡᠪᠡ᠃ ᠳᠤᠭᠤᠶᠢᠯᠠᠩ ᠬᠤᠪᠢᠶᠠᠭᠰᠠᠨ ᠤ ᠲᠠᠷᠠᠭ᠎ᠠ᠂ ᠭᠡᠷ ᠪᠦᠯᠢ ᠨᠢᠭᠡᠪᠦᠷᠢ ᠴᠥᠮ ᠪᠡᠶ᠎ᠡ ᠲᠠᠮᠢᠷ ᠤᠨ ᠴᠤᠭᠯᠠᠭᠠᠨ ᠳᠤ ᠢᠳᠡᠪᠬᠢᠲᠡᠢ ᠣᠷᠣᠯᠴᠠᠬᠤ ᠡᠯ᠎ᠡ ᠵᠠᠩᠭᠢᠯᠠᠭ᠎ᠠ ᠳᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠪᠠᠶᠠᠷ ᠬᠦᠷ ᠢᠶᠠᠷ ᠪᠢᠯᠬᠠᠵᠤ ᠪᠠᠶᠢᠯ᠎ᠠ᠃ ᠭᠡᠷ ᠤᠨ ᠠᠬᠠᠮᠠᠳ ᠨᠠᠷ ᠢᠯᠡᠷᠬᠡᠶᠢᠯᠡᠬᠦ ᠳᠡᠭᠡᠨ᠂ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠪᠠᠷ ᠳᠡᠮᠵᠢᠨ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠵᠤ᠂ ᠪᠠᠶᠠᠷ ᠬᠥᠷ ᠲᠠᠢ ᠪᠠᠶᠢᠬᠤ ᠪᠠᠷ ᠪᠠᠷᠠᠬᠤ ᠦᠭᠡᠢ ᠰᠢᠨ᠎ᠡ ᠨᠠᠶᠢᠵᠠ ᠲᠠᠢ ᠪᠣᠯᠵᠤ᠂ ᠭᠡᠷ ᠤᠨ ᠠᠬᠠᠮᠠᠳ ᠤᠨ ᠬᠤᠭᠤᠷᠣᠨᠳᠣᠬᠢ ᠬᠠᠷᠢᠯᠴᠠᠨ ᠬᠠᠪᠰᠤᠷᠤᠯᠴᠠᠬᠤ ᠪᠠ ᠰᠣᠯᠢᠯᠴᠠᠭ᠎ᠠ ᠶᠢ ᠠᠬᠢᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠥᠬᠦᠷᠯᠡᠯ ᠢ ᠪᠠᠲᠤᠳᠬᠠᠵᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠲᠥᠷᠬᠦᠮ ᠤᠨ ᠭᠡᠷ ᠤᠨ ᠬᠥᠮᠥᠰ︾ ᠤᠨ ᠬᠠᠶᠢᠷ᠎ᠠ ᠬᠠᠯᠠᠮᠵᠢ ᠶᠢ ᠮᠡᠳᠡᠷᠡᠪᠡ᠃
             ᠬᠠᠮᠲᠤ ᠪᠠᠷ ᠨᠠᠭᠠᠳᠶ᠎ᠠ! ᠡᠨᠡ ᠤᠳᠠᠭᠠᠨ ᠤ ᠡᠴᠢᠭᠡ ᠡᠬᠡ ᠦᠷ᠎ᠡ ᠬᠡᠦᠬᠡᠳ ᠤᠨ ᠲᠠᠮᠢᠷ ᠤᠨ ᠴᠤᠭᠯᠠᠭᠠᠨ ᠳᠤ ᠪᠠᠶᠠᠷ ᠪᠠᠶᠠᠰᠬᠤᠯᠠᠩᠲᠤ ᠰᠠᠷᠠᠪᠴᠢ ᠶᠢᠨ ᠬᠠᠮᠢᠶ᠎ᠠ ᠪᠦᠬᠦᠢ ᠵᠢᠷᠤᠭ            ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠭᠡᠷ ᠪᠦᠯᠢ ᠶᠢᠨ ᠪᠦᠷᠢᠯᠳᠦᠭᠦᠨ ᠤ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠬᠦ ᠳᠤ ᠠᠰᠢᠭᠲᠠᠢ ᠪᠠᠶᠢᠵᠤ᠂ ᠭᠡᠷ ᠤᠨ ᠠᠬᠠᠮᠠᠳ ᠪᠣᠯᠣᠨ ᠬᠡᠦᠬᠡᠳ ᠲᠤ ᠡᠴᠢᠭᠡ ᠡᠬᠡ ᠦᠷ᠎ᠡ ᠬᠡᠦᠬᠡᠳ ᠤᠨ ᠰᠣᠯᠢᠯᠴᠠᠭᠠᠨ ᠤ ᠲᠠᠪᠴᠠᠩ ᠬᠠᠩᠭᠠᠵᠤ᠂ ᠮᠠᠰᠢ ᠣᠯᠠᠨ ᠭᠡᠷ ᠤᠨ ᠠᠬᠠᠮᠠᠳ ᠪᠣᠯᠣᠨ ᠭᠡᠷ ᠪᠦᠯᠢ ᠳᠤ ᠣᠷᠣᠯᠴᠠᠭᠰᠠᠨ ᠨᠢᠭᠡᠳᠦᠯᠲᠡᠢ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠭᠡᠷ ᠪᠦᠯᠢ ᠶᠢᠨ ᠬᠥᠮᠦᠵᠢᠯ ᠤᠨ ᠣᠶᠢᠯᠠᠭᠠᠭᠳᠠᠬᠤᠨ ᠢ ᠤᠯᠠᠮᠵᠢᠯᠠᠵᠤ᠂ ᠭᠡᠷ ᠤᠨ ᠠᠬᠠᠮᠠᠳ ᠲᠤ ᠬᠡᠦᠬᠡᠳ ᠤᠨ ᠦᠰᠦᠨ ᠪᠣᠶᠢᠵᠢᠬᠤ ᠶᠠᠪᠤᠴᠠ ᠳᠤ ᠨᠡᠩ ᠤᠯᠠᠨ ᠣᠷᠣᠯᠴᠠᠬᠤ ᠠᠵᠢᠯᠯᠠᠭ᠎ᠠ ᠶᠢ ᠬᠠᠩᠭᠠᠵᠤ᠂ ᠡᠴᠢᠭᠡ ᠡᠬᠡ ᠪᠣᠯᠣᠨ ᠬᠡᠦᠬᠡᠳ ᠤᠨ ᠬᠤᠭᠤᠷᠣᠨᠳᠣᠬᠢ ᠨᠡᠪᠲᠡᠷᠡᠯᠴᠡᠭᠡ ᠶᠢ ᠨᠡᠩ ᠨᠢᠭᠲᠠᠷᠠᠭᠤᠯᠵᠤ᠂ ᠬᠥᠬᠡᠬᠤᠲᠠ ᠶᠢᠨ ᠬᠡᠦᠬᠡᠳ ᠤᠨ ᠨᠥᠬᠦᠷᠰᠡᠭ ᠬᠤᠳᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠨᠠᠰᠤᠨ ᠳᠤ ᠦᠯᠦ ᠬᠦᠷᠦᠭᠰᠡᠳ ᠢ ᠪᠠᠶᠠᠷ ᠪᠠᠶᠠᠰᠬᠤᠯᠠᠩᠲᠤ ᠳᠤᠮᠳᠠ ᠡᠷᠡᠭᠦᠯ ᠴᠢᠭᠢᠷᠠᠭ ᠬᠦᠷᠲᠡᠭᠡᠵᠦ᠂ ᠡᠶ᠎ᠡ ᠵᠣᠬᠢᠴᠠᠩᠭᠤᠢ ᠳᠤᠮᠳᠠ ᠠᠮᠢᠳᠤᠷᠠᠯ ᠢ ᠡᠳ᠋ᠯᠡᠭᠦᠯᠵᠦ᠂ ᠬᠠᠷᠢᠶ᠎ᠠ ᠣᠷᠣᠨ ᠤ ᠨᠠᠰᠤᠨ ᠳᠤ ᠦᠯᠦ ᠬᠦᠷᠦᠭᠰᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃       ᠢᠷᠡᠯᠲᠡ᠄   ᠬᠤᠳᠣᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号