ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠯᠤᠰ ᠤᠨ | ᠳᠣᠲᠣᠭᠠᠳᠤ ᠶᠢᠨ ᠲᠣᠭᠠᠴᠢᠯᠠᠭᠰᠠᠨ ᠭᠠᠵᠠᠷ ᠤᠨ ᠵᠢᠷᠤᠭ ᠬᠠᠩᠭᠠᠬᠤ ᠠᠵᠤ ᠠᠬᠤᠶᠢᠯᠠᠯ ᠪᠤᠯᠬᠤ ᠪᠠᠢ ᠳ᠋ᠦ᠋ ᠪᠣᠯᠣᠨ | ᠭᠤᠤ ᠳ᠋ᠧ ᠲᠠᠢ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢ ᠠᠶᠠᠯᠠᠯ ᠵᠠᠯᠠᠬᠤ ᠲᠠᠪᠴᠠᠩ ᠳᠤ ᠤᠷᠤᠭᠤᠯᠬᠤ ᠲᠤᠬᠠᠢ | ᠰᠤᠳᠤᠯᠤᠨ ᠶᠠᠷᠢᠯᠴᠠᠪᠠ᠃ ᠡᠨᠡ ᠨᠢ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ | ᠪᠠᠶᠢᠴᠠᠭᠠᠨ ᠯᠠᠪᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠨᠢᠭᠡᠨᠲᠡ ᠪᠠᠶᠢᠭᠤᠯᠵᠤ ᠠᠰᠢᠭᠯᠠᠯᠲᠠ ᠳᠤ | ᠣᠷᠣᠭᠤᠯᠤᠭᠰᠠᠨ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠲᠤᠬᠠᠢ ᠶᠢᠨ ᠴᠠᠭ ᠤᠨ ᠪᠠᠶᠢᠳᠠᠯ ᠢ ᠪᠠᠶᠢᠴᠠᠭᠠᠨ | ᠯᠠᠪᠯᠠᠬᠤ ᠶᠢ ᠪᠡᠶᠡᠯᠡᠭᠦᠯᠬᠦ ᠪᠣᠯᠣᠨ᠎ᠠ᠃ | ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ᠂ ᠣᠯᠠᠨ ᠲᠦᠮᠡᠨ ᠤ ᠠᠮᠢᠳᠤᠷᠠᠯ ᠳᠤ ᠲᠥᠭᠦᠮ ᠦᠵᠡᠭᠦᠯᠭᠦ | ᠶᠢᠨ ᠲᠣᠭᠤᠷᠢᠨ ᠳᠤ ᠵᠠᠰᠠᠮᠠᠯ ᠵᠠᠮ ᠢᠶᠠᠷ ᠭᠤᠣᠯ ᠪᠣᠯᠭᠠᠨ᠂ ᠬᠥᠮᠥᠨ ᠤ ᠤᠷᠤᠰᠬᠠᠯ ᠪᠠ ᠲᠡᠷᠭᠡᠨ ᠤ ᠤᠷᠤᠰᠬᠠᠯ | ᠲᠥᠪᠯᠡᠷᠡᠭᠰᠡᠨ ᠭᠠᠵᠠᠷ ᠢᠶᠠᠷ ᠭᠤᠣᠯ ᠪᠤᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠴᠡᠨᠡᠭᠯᠡᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠠᠵᠢᠯ ᠢ ᠪᠦᠭᠦ ᠬᠦᠴᠦᠨ ᠢᠶᠠᠷ | ᠢᠶᠠᠨ ᠰᠠᠶᠢᠲᠤᠷ ᠬᠢᠪᠡ᠃ 7 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ ᠢᠶᠠᠷ ᠢᠶᠠᠨ ᠮᠠᠯᠵᠢᠬᠤ ᠲᠠᠷᠢᠶᠠᠯᠠᠬᠤ | ᠣᠷᠣᠨ ᠳᠤ ᠨᠡᠶᠢᠳᠡ 18404 ᠴᠠᠭᠢᠯᠭᠠᠨ ᠴᠡᠨᠡᠭᠯᠡᠬᠦ ᠲᠥᠬᠦᠭᠡᠷᠦᠮᠵᠢ ᠤᠭᠰᠠᠷᠠᠵᠤ᠂ ᠠᠰᠢᠭᠯᠠᠯᠲᠠ ᠳᠤ | ᠣᠷᠣᠭᠤᠯᠤᠭᠰᠠᠨ ᠨᠣᠷᠮ᠎ᠠ ᠨᠢ 95% ᠬᠦᠷᠴᠡᠢ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠠᠷᠠᠭᠠᠴᠢ ᠪᠠᠷ ᠵᠠᠰᠠᠭ ᠤᠨ | ᠣᠷᠳᠣᠨ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠨᠣᠷᠮ᠎ᠠ ᠶᠢ | ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢᠳ ᠤᠨ ᠠᠶᠠᠯᠠᠯ ᠤᠨ ᠣᠶᠢᠯᠠᠭᠠᠯᠲᠠ | ᠲᠥᠷᠥᠭᠳᠡᠯ ᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠦᠴᠦᠨ ᠴᠢᠳᠠᠯ ᠢ ᠨᠡᠮᠡᠷᠢᠯᠡᠬᠦ ᠪᠣᠯᠣᠨ᠎ᠠ᠃ | | |