ᠸᠠᠩ ᠰᠢᠶᠣᠣ ᠮᠢᠩ
ᠨᠡᠶᠢᠲᠡᠯᠡᠭᠰᠡᠨ ᠴᠠᠭ᠄
2024/8/8
ᠸᠠᠩ ᠰᠢᠶᠣᠣ ᠮᠢᠩ     ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠᠬᠤᠪᠢᠳᠠᠨ ᠬᠠᠮᠢᠶᠠᠷᠬᠤ ᠠᠵᠢᠯ     ᠲᠣᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ᠂ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠬᠢᠨᠠᠨ ᠪᠤᠳᠤᠬᠤ᠂ ᠲᠤᠭ᠎ᠠ ᠪᠦᠷᠢᠳᠬᠡᠯ᠂ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠠᠷᠢᠭᠤᠴᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠣᠭᠤᠮᠲᠠ ᠵᠡᠷᠭᠡ ᠲᠠᠯ᠎ᠠ ᠶᠢᠨ ᠠᠵᠢᠯ ᠢ ᠰᠢᠯᠢᠳᠡᠭᠵᠢᠭᠦᠯᠦᠨ᠂ ᠵᠡᠭᠡᠯᠢ ᠭᠤᠳᠤᠮᠵᠢ  ᠶᠢᠨ ᠶᠡᠷᠦᠩᠬᠡᠶᠢᠯᠡᠭᠰᠡᠨ ᠠᠵᠢᠯ᠂ ᠲᠥᠷᠥ ᠶᠢᠨ ᠪᠣᠳᠣᠯᠭ᠎ᠠ ᠲᠣᠭᠲᠠᠭᠠᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ᠂ ᠤᠯᠤᠰ‌‍ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠵᠣᠬᠢᠴᠠᠭᠤᠯᠤᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠢ ᠨᠢᠭᠡᠳᠦᠯᠲᠡᠢ ᠲᠥᠯᠥᠪᠯᠡᠨ᠎ᠡ᠃     ᠬᠤᠪᠢᠳᠠᠨ ᠬᠠᠮᠢᠶᠠᠷᠤᠯᠲᠠ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ  ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ  ᠶᠢᠨ ᠠᠯᠪᠠᠨ ᠭᠡᠷ᠂ ᠤᠯᠤᠰ  ᠤᠨ ᠪᠠᠲᠤᠯᠠᠨ ᠬᠠᠮᠠᠭᠠᠯᠠᠯᠲᠠ‌‍ᠶᠢᠨ ᠳᠠᠶᠢᠴᠢᠯᠠᠯᠲᠠ ᠶᠢᠨ ᠠᠯᠪᠠᠨ ᠭᠡᠷ︶᠂ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ︶᠂ ᠡᠳ᠋  ᠤᠨ ᠵᠠᠰᠠᠭ  ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ  ᠶᠢᠨ ᠬᠢᠨᠠᠯᠲᠠ ᠬᠠᠮᠢᠶᠠᠷᠤᠯᠲᠠ   ᠶᠢᠨ ᠵᠥᠪᠯᠡᠯ᠂ ᠮᠥᠩᠭᠦᠨ ᠭᠦᠢᠯᠭᠡᠭᠡᠨ  ᠤ ᠠᠵᠢᠯ  ᠤᠨ ᠠᠯᠪᠠᠨ ᠭᠡᠷ︶᠂ ᠬᠤᠳᠠᠯᠳᠤᠭᠠᠨ ᠤ ᠶᠠᠪᠤᠳᠠᠯ  ᠤᠨ ᠲᠣᠪᠴᠢᠶ᠎ᠠ᠂ ᠲᠤᠭ᠎ᠠ ᠪᠦᠷᠢᠳᠬᠡᠯ  ᠤᠨ ᠲᠣᠪᠴᠢᠶ᠎ᠠ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ  ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ  ᠤ ᠲᠥᠪ᠃     ᠬᠠᠷᠢᠯᠴᠠᠬᠤ ᠨᠢ᠄ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠤᠯᠤᠰ ᠲᠥᠷᠥ ᠶᠢᠨ ᠵᠥᠪᠯᠡᠯᠭᠡᠨ ᠤ ᠬᠤᠲᠣᠩ ᠠᠷᠠᠳ ᠤᠨ ᠲᠣᠭᠤᠷᠢᠭ ᠤᠨ ᠬᠤᠷᠢᠶ᠎ᠠ᠂ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠲᠣᠭᠤᠷᠢᠭ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠨ ᠤ ᠶᠡᠷᠦᠩᠬᠡᠢ ᠡᠪᠯᠡᠯ︶᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ  ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠲᠤᠭ᠎ᠠ ᠪᠦᠷᠢᠳᠬᠡᠯ  ᠤᠨ ᠲᠣᠪᠴᠢᠶ᠎ᠠ  ᠶᠢᠨ ᠬᠤᠲᠣᠩ ᠠᠷᠠᠳ ᠤᠨ ᠲᠣᠭᠤᠷᠢᠭ ᠤᠨ ᠪᠠᠶᠢᠴᠠᠭᠠᠬᠤ ᠠᠩᠭᠢ᠂ ᠠᠯᠪᠠᠲᠠᠨ ᠤ ᠲᠣᠪᠴᠢᠶ᠎ᠠ᠂ ᠲᠠᠩᠰᠠ ᠡᠪᠬᠡᠮᠡᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ  ᠤᠨ ᠬᠤᠷᠢᠶ᠎ᠠ᠂ ᠵᠦᠩᠱᠠᠨ ᠪᠠᠷᠠᠭᠤᠨ ᠵᠠᠮ ᠤᠨ ᠵᠡᠭᠡᠯᠢ ᠭᠤᠳᠤᠮᠵᠢ᠂ ᠬᠠᠶᠢᠯᠠᠷ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠬᠤᠪᠢ ᠬᠥᠮᠥᠨ ᠤ ᠲᠣᠪᠴᠢ ᠨᠠᠮᠲᠠᠷ     ᠸᠠᠩ ᠰᠢᠶᠣᠣ ᠮᠢᠩ᠂ ᠡᠮᠡᠭᠲᠡᠢ᠂ ᠮᠣᠩᠭᠤᠯ ᠦᠨᠳᠦᠰᠦᠲᠡᠨ᠂ 1986  ᠣᠨ ᠤ 3 ᠰᠠᠷ᠎ᠠ ᠳᠤ  ᠲᠦᠷᠦᠵᠠᠢ᠂ ᠥᠪᠥᠷ  ᠮᠣᠩᠭᠤᠯ  ᠤᠨ  ᠬᠥᠬᠡᠬᠤᠲᠠ  ᠶᠢᠨ ᠬᠥᠮᠥᠨ᠂ ᠬᠠᠤᠯᠢ  ᠶᠢᠨ ᠤᠬᠠᠭᠠᠨ  ᠤ  ᠮᠠᠰᠲ᠋ᠧᠷ᠂ 2009 ᠣᠨ ᠤ  9 ᠰᠠᠷ᠎ᠠ ᠳᠤ ᠠᠵᠢᠯ ᠳᠤ ᠣᠷᠣᠵᠤ᠂ 2005 ᠣᠨ  ᠤ 4 ᠰᠠᠷ᠎ᠠ ᠳᠤ ᠳᠤᠮᠳᠠᠳᠤ ᠤᠯᠤᠰ  ᠤᠨ ᠡᠪ ᠬᠠᠮᠲᠤ ᠨᠠᠮ ᠳᠤ ᠣᠷᠣᠪᠠ᠂ ᠤᠳᠤ ᠬᠤᠲᠣᠩ ᠦᠨᠳᠦᠰᠦᠲᠡᠨ  ᠤ ᠲᠣᠭᠤᠷᠢᠭ  ᠤᠨ ᠨᠠᠮ  ᠤᠨ ᠬᠤᠷᠢᠶ᠎ᠠ  ᠶᠢᠨ ᠪᠠᠶᠢᠩᠭᠤ  ᠶᠢᠨ ᠭᠡᠰᠢᠭᠦᠨ᠂ ᠵᠠᠰᠠᠭ  ᠤᠨ ᠣᠷᠳᠣᠨ  ᠤ ᠨᠠᠮ  ᠤᠨ ᠤᠳᠤᠷᠢᠳᠬᠤ ᠳᠤᠭᠤᠶᠢᠯᠠᠩ  ᠤᠨ ᠳᠡᠳ᠋ ᠱᠦᠵᠢ᠂ ᠲᠣᠭᠤᠷᠢᠭ  ᠤᠨ ᠪᠠᠶᠢᠩᠭᠤ  ᠶᠢᠨ ᠳᠡᠳ᠋ ᠳᠠᠷᠤᠭ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号