ᠬᠥᠬᠡᠬᠤᠲᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠯᠣᠳᠤᠭᠠᠷ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/9/23
       ︵ᠰᠤᠷᠪᠤᠯᠵᠢᠯᠠᠭᠴᠢ ᠶᠦᠨ ᠶᠠᠨ ᠹᠠᠩ︶ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠢ ᠳᠤ ᠨᠢ ᠰᠤᠷᠤᠯᠴᠠᠬᠤ ᠶᠢᠨ ᠲᠥᠯᠥᠭᠡ᠂ ᠬᠥᠬᠡᠬᠤᠲᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠯᠣᠳᠤᠭᠠᠷ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠪᠠ᠃       ᠨᠢᠭᠡ ᠳᠤ᠂ ᠡᠯᠧᠺᠲᠷᠣᠨ ᠬᠥᠳᠡᠯᠮᠦᠷᠢ ᠶᠢᠨ ᠭᠡᠷ᠎ᠡ ᠶᠢᠨ ᠮᠡᠳᠡᠭᠡ ᠵᠠᠩᠭᠢ ᠶᠢ ᠬᠡᠷᠡᠭᠯᠡᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠳᠥᠭᠦᠮ ᠳᠥᠲᠡ ᠪᠠᠷ ᠭᠦᠢᠴᠡᠳᠬᠡᠬᠦ ᠶᠢ ᠢᠳᠡᠪᠬᠢᠲᠡᠢ ᠠᠬᠢᠭᠤᠯᠪᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ  ᠰᠢᠯᠢᠳᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ  ᠳᠡᠭᠡᠭᠰᠢᠯᠡᠭᠦᠯᠬᠦ ᠶᠢᠨ ᠲᠤᠰᠠᠳᠠ᠂ ᠬᠥᠬᠡᠬᠤᠲᠠ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠤᠷᠢᠳᠠᠪᠠᠷ ᠬᠡᠷᠡᠭᠵᠢᠭᠦᠯᠬᠦ ᠲᠤᠷᠰᠢᠯᠲᠠ ᠶᠢᠨ ᠬᠤᠲᠠ ᠪᠠᠷ ᠲᠣᠭᠲᠠᠭᠠᠭᠳᠠᠪᠠ᠃ ︽ᠮᠥᠩᠬᠡ ᠰᠤᠪᠠᠭ︾ App ᠢᠶᠠᠷ ᠳᠠᠮᠵᠢᠭᠤᠯᠤᠨ ᠠᠵᠤ ᠠᠬᠤᠶᠢᠯᠠᠯ ᠪᠠ ᠬᠥᠳᠡᠯᠮᠦᠷᠢᠴᠢᠳ ᠲᠤ ᠰᠦᠢᠳᠬᠡᠯ ᠬᠤᠷᠢᠶᠠᠬᠤ ᠦᠭᠡᠢ ᠡᠯᠧᠺᠲᠷᠣᠨ ᠬᠥᠳᠡᠯᠮᠦᠷᠢ ᠶᠢᠨ ᠭᠡᠷ᠎ᠡ ᠲᠣᠭᠲᠠᠬᠤ ᠦᠢᠯᠡᠴᠢᠯᠡᠭᠡ ᠬᠠᠩᠭᠠᠵᠤ᠂ ᠡᠯᠧᠺᠲᠷᠣᠨ ᠬᠥᠳᠡᠯᠮᠦᠷᠢ ᠶᠢᠨ ᠭᠡᠷ᠎ᠡ ᠬᠦᠴᠦᠨ ᠲᠠᠢ ᠪᠣᠯᠤᠭᠰᠠᠨ ᠤ ᠳᠠᠷᠠᠭ᠎ᠠ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ᠂ ᠬᠥᠳᠡᠯᠮᠦᠷᠢ ᠠᠵᠢᠯᠴᠢᠨ ᠬᠡᠷᠡᠭᠯᠡᠬᠦ ᠰᠢᠰᠲ᠋ᠧᠮ ᠳᠤ ᠬᠦᠷᠭᠡᠵᠦ᠂ ᠠᠵᠤ ᠠᠬᠤᠶᠢᠯᠠᠯ ᠪᠠ ᠬᠥᠳᠡᠯᠮᠦᠷᠢᠴᠢᠳ ᠤᠨ ᠬᠥᠳᠡᠯᠮᠦᠷᠢ ᠠᠵᠢᠯᠴᠢᠨ ᠬᠡᠷᠡᠭᠯᠡᠬᠦ ᠶᠢ ᠳᠠᠩᠰᠠᠯᠠᠬᠤ᠂ ᠠᠵᠢᠯ ᠣᠯᠭᠤᠯᠲᠠ ᠠᠵᠢᠯ ᠠᠯᠳᠠᠯᠲᠠ ᠶᠢᠨ ᠳᠠᠩᠰᠠᠯᠠᠯᠲᠠ᠂ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠪᠠ ᠣᠯᠭᠤᠮᠵᠢ ᠭᠤᠶᠤᠴᠢᠯᠠᠨ ᠠᠪᠬᠤ ᠵᠡᠷᠭᠡ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠲᠥᠬᠦᠮ ᠳᠥᠲᠡ ᠭᠦᠢᠴᠡᠳᠬᠡᠬᠦ ᠶᠢ ᠳᠡᠮᠵᠢᠨ᠎ᠡ᠃ ᠡᠭᠦᠨ ᠤ ᠬᠠᠮᠲᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠮᠡᠳᠡᠭᠡ ᠵᠠᠩᠭᠢᠴᠢᠯᠠᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠮᠠᠨ ᠤ ᠬᠤᠲᠠ ᠰᠢᠨ᠎ᠡ ᠪᠠᠷ ᠭᠠᠷ ᠤᠨ ᠦᠰᠦᠭ ᠵᠢᠷᠤᠵᠤ᠂ ᠦᠷᠭᠦᠯᠵᠢᠯᠡᠨ ᠭᠡᠷ᠎ᠡ ᠲᠣᠭᠲᠠᠭᠰᠠᠨ ᠡᠯᠧᠺᠲᠷᠣᠨ ᠬᠥᠳᠡᠯᠮᠦᠷᠢ ᠶᠢᠨ ᠭᠡᠷ᠎ᠡ ᠨᠡᠶᠢᠲᠡ 4.1 ᠲᠦᠮᠡᠨ ᠬᠥᠮᠥᠨ ᠬᠦᠷᠴᠡᠢ᠃       ᠬᠤᠶᠠᠷ ᠲᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠢᠳᠡᠪᠬᠢᠲᠡᠢ ᠳᠡᠯᠭᠡᠷᠡᠭᠦᠯᠪᠡ᠃ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠪᠠᠶᠢᠭᠤᠯᠬᠤ ᠶᠢ ᠲᠦᠯᠬᠢᠨ ᠠᠬᠢᠭᠤᠯᠬᠤ ᠶᠢᠨ ᠬᠠᠮᠲᠤ ᠬᠠᠮᠤᠭ ᠤᠨ ᠳᠡᠭᠡᠳᠦ ᠰᠢᠭᠦᠬᠦ ᠬᠤᠷᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠷᠠᠳ ᠤᠨ ᠡᠶᠡᠳᠡᠭᠦᠯᠬᠦ ᠲᠠᠪᠴᠠᠩ ᠳᠤ ᠣᠷᠣᠭᠤᠯᠪᠠ᠃       ᠭᠤᠷᠪᠠ ᠳᠤ᠂ ᠪᠣᠭᠤᠮᠲᠠ ᠶᠢᠨ ᠬᠠᠷᠢᠶ᠎ᠠ ᠭᠠᠵᠠᠷ ᠤᠨ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠰᠢᠰᠲ᠋ᠧᠮ ᠢ ᠢᠳᠡᠪᠬᠢᠲᠡᠢ ᠳᠡᠯᠭᠡᠷᠡᠭᠦᠯᠪᠡ᠃ ᠰᠠᠶᠢᠬᠠᠨ ᠪᠣᠭᠤᠮᠲᠠ ᠭᠠᠳᠠᠭᠠᠳᠤ ᠳᠤ ᠭᠠᠷᠭᠠᠬᠤ ᠪᠠᠷᠠᠭᠠᠨ ᠤ ᠪᠠᠶᠢᠴᠠᠭᠠᠯᠲᠠ ᠶᠢᠨ ᠰᠢᠯᠭᠠᠨ ᠪᠠᠲᠤᠯᠠᠬᠤ ᠬᠠᠭᠤᠳᠠᠰᠤ ᠶᠢᠨ ︽ᠡᠭᠦᠯᠡᠨ ᠭᠠᠷ ᠤᠨ ᠥᠰᠥᠭ ᠵᠢᠷᠤᠵᠤ ᠣᠯᠭᠤᠬᠤ︾ ᠲᠠᠪᠴᠠᠩ ᠤᠨ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠵᠦ᠂ ᠣᠲᠣ ᠪᠣᠯᠲᠠᠯ᠎ᠠ᠂ ᠰᠢᠯᠭᠠᠨ ᠪᠠᠶᠢᠴᠠᠭᠠᠬᠤ ᠰᠢᠰᠲ᠋ᠧᠮ ᠨᠢ ᠬᠥᠬᠡᠬᠤᠲᠠ ᠶᠢᠨ 115 ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠳᠤ ︽ᠡᠭᠦᠯᠡᠨ ᠭᠠᠷ ᠤᠨ ᠥᠰᠥᠭ ᠵᠢᠷᠤᠵᠤ ᠣᠯᠭᠤᠬᠤ︾ ᠵᠠᠭᠪᠤᠷ ᠢ ᠬᠡᠷᠡᠭᠯᠡᠨ 3241 ᠬᠤᠪᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠦᠨᠡᠮᠯᠡᠯ ᠭᠠᠷᠭᠠᠵᠤ᠂ ᠠᠵᠢᠯᠯᠠᠭᠠᠨ ᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃       ᠳᠥᠷᠪᠡ ᠳᠤ᠂ ᠦᠢᠯᠡᠳᠬᠦ ᠦᠢᠯᠡᠰ ᠢ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ᠶᠢ ᠢᠳᠡᠪᠬᠢᠲᠡᠢ ᠠᠬᠢᠭᠤᠯᠪᠠ᠃ ᠡᠨᠡ ᠵᠢᠯ ᠬᠥᠬᠡᠬᠤᠲᠠ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠢ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ᠲᠤᠷᠰᠢᠯᠲᠠ ᠶᠢᠨ ᠬᠤᠲᠠ᠂ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ᠲᠤᠷᠰᠢᠯᠲᠠ ᠶᠢᠨ ᠬᠤᠲᠠ ᠪᠠᠷ ᠰᠣᠩᠭᠤᠭᠳᠠᠭᠰᠠᠨ ᠢᠶᠠᠷ ᠭᠠᠷᠳᠠᠴᠠ ᠪᠣᠯᠭᠠᠨ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ︽ᠵᠢᠵᠢᠭ ᠲᠦᠷᠭᠡᠨ ᠬᠥᠩᠭᠡᠨ ᠣᠨᠣᠪᠴᠢᠲᠠᠢ︾ ᠦᠢᠯᠡᠳᠬᠦᠨ ᠤ ᠬᠥᠮᠥᠷᠭᠡ ᠶᠢ ᠪᠠᠶᠢᠭᠤᠯᠪᠠ᠃ ᠣᠲᠣ ᠪᠣᠯᠲᠠᠯ᠎ᠠ᠂ ᠬᠥᠬᠡᠬᠤᠲᠠ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠴᠢᠯᠠᠯᠲᠠ ᠶᠢ ᠤᠶᠠᠯᠳᠤᠭᠤᠯᠤᠨ ᠤᠯᠤᠰ ᠤᠨ ᠪᠠᠷᠢᠮᠵᠢᠶ᠎ᠠ ᠶᠢ ᠲᠤᠭᠤᠰᠢᠯᠠᠭᠤᠯᠬᠤ ᠠᠵᠤ ᠠᠬᠤᠶᠢᠯᠠᠯ ᠢ105 ᠪᠣᠶᠢᠵᠢᠭᠤᠯᠤᠨ᠂ 5 ᠣᠶᠤᠨᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠨᠡᠶᠢᠲᠡ ᠤᠯᠤᠰ ᠤᠨ ᠲᠠᠰ ᠤᠨ ᠣᠶᠤᠨᠴᠢ ᠦᠢᠯᠡᠳᠪᠦᠷᠢ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠶᠤᠨᠴᠢ ᠦᠢᠯᠡᠳᠪᠦᠷᠢ 6᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ 22 ᠪᠠᠶᠢᠭᠤᠯᠵᠤ᠂ ᠤᠯᠤᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠢᠯᠡᠷᠬᠡᠶᠢᠯᠡᠯ ᠤᠨ ᠵᠠᠳᠠᠯᠤᠯᠲᠠ ᠶᠢᠨ ᠵᠠᠩᠭᠢᠯᠠᠭ᠎ᠠ ᠶᠢᠨ ᠴᠡᠭ ᠪᠠ 10 ᠠᠵᠤ ᠠᠬᠤᠶᠢᠯᠠᠯ ᠤᠨ ᠲᠠᠰ ᠤᠨ ᠵᠠᠩᠭᠢᠯᠠᠭ᠎ᠠ ᠶᠢᠨ ᠴᠡᠭ ᠢ ᠪᠠᠶᠢᠭᠤᠯᠵᠤ᠂ ᠢᠳᠡᠭᠡᠨ ᠪᠣᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠯᠭᠠᠨ ᠬᠦᠴᠦᠨ ᠤ ᠡᠨᠧᠷᠭᠢ ᠵᠡᠷᠭᠡ ᠬᠦᠷᠢᠶ᠎ᠡ ᠶᠢ ᠬᠠᠮᠤᠷᠴᠤ᠂ ᠨᠡᠶᠢᠲᠡ 2253 ᠠᠵᠤ ᠠᠬᠤᠶᠢᠯᠠᠯ ᠤᠨ ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠢ ᠡᠭᠦᠯᠡᠨ ᠲᠠᠪᠴᠠᠩ ᠳᠤ ᠭᠠᠷᠭᠠᠬᠤ ᠪᠠ ᠲᠥᠬᠦᠭᠡᠷᠦᠮᠵᠢ ᠶᠢᠨ ᠡᠭᠦᠯᠡᠨ ᠲᠠᠪᠴᠠᠩ ᠳᠤ ᠭᠠᠷᠭᠠᠬᠤ ᠶᠢ ᠠᠬᠢᠭᠤᠯᠪᠠ᠃       ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠲᠡᠷᠢᠭᠦᠨ ᠤ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠶᠢ ᠦᠷᠭᠦᠯᠵᠢᠯᠡᠨ ᠠᠬᠢᠭᠤᠯᠵᠤ᠂ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠭᠤᠶᠤᠴᠢᠯᠠᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号